ᠮᠠᠨ ᠤ ᠬᠤᠰᠢᠭᠤ ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠳᠤ ᠣᠷᠣᠬᠤ ᠢᠳᠡᠪᠬᠢᠲᠡᠨ ᠪᠠ ᠨᠠᠮ ᠤᠨ ᠭᠡᠰᠢᠭᠦᠨ ᠵᠢᠴᠢ ᠨᠠᠮ ᠤᠨ ᠠᠵᠢᠯ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/12/4
   9 ᠳ᠋ᠦᠭᠡᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠮᠠᠨ ᠤ ᠬᠤᠰᠢᠭᠤ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠳᠤ ᠣᠷᠣᠬᠤ ᠢᠳᠡᠪᠬᠢᠲᠡᠨ ᠪᠠ ᠨᠠᠮ ᠤᠨ ᠭᠡᠰᠢᠭᠦᠨ ᠬᠦᠮᠤᠵᠢᠭᠦᠯᠬᠦ ᠵᠢᠴᠢ ᠨᠠᠮ ᠤᠨ ᠠᠵᠢᠯ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠪᠥᠬᠦ ᠬᠤᠰᠢᠭᠤᠨ ᠤ ᠨᠠᠮ ᠳᠤ ᠣᠷᠣᠬᠤ ᠢᠳᠡᠪᠬᠢᠲᠡᠨ᠂ ᠬᠦᠮᠤᠵᠢᠭᠦᠯᠬᠦ ᠨᠢᠭᠤᠷᠯᠠᠯ᠂ ᠪᠡᠯᠡᠳᠬᠡᠯ ᠨᠠᠮ ᠤᠨ ᠭᠡᠰᠢᠭᠦᠨ ᠪᠠ ᠨᠠᠮ ᠤᠨ ᠠᠵᠢᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠂ ︽ᠭᠤᠤᠯ ᠬᠢᠴᠢᠶᠡᠯ ᠤᠨ ᠲᠠᠩᠬᠢᠮ ᠪᠠ ᠬᠤᠪᠢᠶᠠᠷᠢ ᠬᠢᠴᠢᠶᠡᠯ ᠤᠨ ᠲᠠᠩᠬᠢᠮ︾ ᠤᠨ ᠬᠡᠯᠪᠡᠷᠢ ᠪᠠᠷ ᠶᠠᠪᠤᠭᠳᠠᠵᠤ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠰᠢᠶᠤᠤ ᠬᠠᠩ ︵肖航︶᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠶᠠᠪᠤᠳᠠᠯ ᠤᠨ ᠮᠡᠳᠡᠯᠭᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯ ᠣᠷᠣᠵᠤ ᠬᠠᠪᠰᠤᠷᠤᠨ ᠵᠢᠯᠣᠭᠤᠳᠪᠠ᠃ ᠬᠢᠴᠢᠶᠡᠯ ᠤᠨ ᠲᠠᠩᠬᠢᠮ ᠤᠨ ᠲᠤᠰᠬᠠᠶ ᠰᠡᠳᠦᠪᠲᠦ ᠲᠠᠶᠢᠯᠤᠮᠵᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢ ᠥᠷᠨᠢᠭᠦᠯᠵᠦ᠂ ᠤᠯᠤᠰ ᠤᠨ ᠲᠤᠭ ᠮᠠᠨᠳᠤᠭᠤᠯᠬᠤ ᠶᠣᠰᠣᠯᠠᠯ᠂ ᠲᠠᠩᠬᠢᠮ ᠤᠨ ᠰᠤᠷᠢᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠰᠢᠵᠢᠮ ᠢ ᠪᠠᠲᠤ ᠪᠠᠬᠢ ᠪᠣᠶ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠳᠥᠯᠭᠢᠨ ᠠᠬᠢᠭᠤᠯᠬᠤ ᠵᠡᠷᠭᠡ ᠠᠭᠤᠯᠭ᠎ᠠ ᠳᠤ ᠨᠠᠮ ᠤᠨ ᠦᠨᠳᠦᠰᠦᠨ ᠣᠨᠣᠯ᠂ ᠱᠤᠭᠤᠮ ᠴᠢᠭᠯᠡᠯᠲᠡ᠂ ᠲᠥᠷᠥ ᠶᠢᠨ ᠪᠣᠳᠣᠯᠭ᠎ᠠ᠂ ᠨᠠᠮ ᠤᠨ ᠲᠦᠷᠢᠮ ᠨᠠᠮ ᠤᠨ ᠰᠠᠬᠢᠯᠭ᠎ᠠ ᠪᠠᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ᠂ ᠨᠠᠮ ᠤᠨ ᠠᠵᠢᠯ ᠤᠨ ᠮᠡᠳᠡᠯᠭᠡ ᠶᠢᠨ ᠬᠠᠮᠢᠶ᠎ᠠ ᠪᠥᠬᠦᠶ ᠪᠣᠯᠪᠠᠰᠤᠷᠠᠭᠤᠯᠤᠯ ᠬᠢᠵᠦ᠂ ᠥᠷᠭᠡᠨ ᠣᠯᠠᠨ ᠨᠠᠮ ᠳᠤ ᠣᠷᠣᠬᠤ ᠢᠳᠡᠪᠬᠢᠲᠡᠨ᠂ ᠬᠦᠮᠤᠵᠢᠭᠦᠯᠬᠦ ᠨᠢᠭᠤᠷᠯᠠᠯ ᠢ ᠵᠢᠯᠣᠭᠤᠳᠴᠤ ᠪᠠᠶᠢᠭᠠᠳ ᠨᠠᠮ ᠳᠤ ᠣᠷᠣᠬᠤ ᠤᠭ ᠰᠠᠨᠠᠭ᠎ᠠ ᠶᠢ ᠨᠢ ᠲᠥᠪ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠨ᠂ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠳ ᠢ ᠬᠠᠪᠰᠤᠷᠤᠨ ᠨᠠᠮ ᠤᠨ ᠠᠵᠢᠯ ᠤᠨ ᠰᠠᠭᠤᠷᠢ ᠮᠡᠳᠡᠯᠭᠡ ᠶᠢ ᠨᠠᠩ ᠰᠠᠶᠢᠲᠤᠷ ᠡᠵᠡᠮᠰᠢᠭᠦᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠳᠡᠷᠡᠯᠴᠡᠭᠦᠯᠤᠨ᠂ ᠮᠡᠳᠡᠬᠦ ᠢᠲᠡᠭᠡᠬᠦ ᠬᠢᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃    ᠪᠤᠯᠪᠠᠰᠤᠷᠠᠯ ᠤᠨ ᠳᠠᠷᠠᠭ᠎ᠠ ᠨᠠᠮ ᠳᠤ ᠣᠷᠣᠬᠤ ᠢᠳᠡᠪᠬᠢᠲᠡᠨ ᠢ ᠵᠣᠬᠢᠶᠠᠨ ᠪᠠᠶᠢᠭᠤᠯᠤᠨ ᠰᠤᠷᠤᠯᠭ᠎ᠠ ᠲᠡᠭᠦᠰᠬᠦ ᠰᠢᠯᠭᠠᠯᠲᠠ ᠬᠢᠵᠦ᠂ ᠨᠠᠮ ᠤᠨ ᠦᠨᠳᠦᠰᠦᠨ ᠤᠨᠤᠯ ᠤᠨ ᠬᠥᠲᠥᠯᠪᠦᠷᠢ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠵᠡᠷᠭᠡ ᠮᠡᠳᠡᠯᠭᠡ ᠶᠢ ᠣᠶᠢᠯᠠᠭᠠᠵᠤ ᠡᠵᠡᠮᠰᠢᠭᠰᠡᠨ ᠪᠠᠶᠢᠳᠠᠯ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠰᠡᠭᠦᠯᠴᠢ ᠶᠢᠨ ᠬᠤᠭᠤᠴᠠᠭᠠᠨ ᠳᠤ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠨ ᠨᠥᠬᠦᠴᠡᠯ ᠳᠤ ᠨᠡᠶᠢᠴᠡᠭᠰᠡᠨ᠂ ᠬᠢᠷᠢ ᠪᠦᠲᠦᠮᠵᠢ ᠨᠢ ᠬᠢᠷᠢ ᠲᠡᠩᠴᠡᠭᠰᠡᠨ ᠨᠠᠮ ᠳᠤ ᠣᠷᠣᠬᠤ ᠢᠳᠡᠪᠬᠢᠲᠡᠨ ᠳᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ ᠶᠢ ᠲᠦᠯᠬᠢᠨ ᠠᠬᠢᠭᠤᠯᠵᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号