ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠲᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/4
   10 ᠳ᠋ᠤᠭᠠᠷ ᠰᠠᠷ᠎ᠠ ᠶᠢᠨ 12 ᠤ ᠡᠳᠦᠷ᠂ ᠮᠠᠨ ᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠬᠤᠩ ᠶᠠᠨ ᠬᠤᠷᠠᠯ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᠬᠤᠩ ᠪᠢᠨ ᠬᠤᠷᠠᠯ ᠳᠤ ᠰᠤᠯᠠ ᠣᠷᠣᠯᠴᠠᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠳᠠ ᠤᠷᠢᠯᠭ᠎ᠠ ᠪᠠᠷ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠼᠦᠩ ᠮᠧᠶ᠂ ᠬᠤᠰᠢᠭᠤ ᠳᠡᠳ᠋ ᠳᠠᠷᠤᠭ᠎ᠠ ᠶᠣᠣ ᠳ᠋ᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠠᠯᠪᠠᠨ ᠬᠡᠷ ᠵᠢᠴᠢ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠬᠤᠷᠠᠯ ᠳᠤ ᠣᠷᠣᠯᠴᠠᠬᠤ ᠶᠣᠰᠣᠲᠠᠶ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 26 ᠬᠥᠮᠦᠨ᠂ ᠪᠣᠳᠠᠲᠠᠶ ᠣᠷᠣᠯᠴᠠᠭᠰᠠᠨ 19 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭᠠᠨ ᠤ ᠬᠠᠷᠢᠴᠠᠯ ᠳᠤ ᠨᠠᠶᠢᠴᠡᠭᠰᠡᠨ ᠪᠠᠶᠢᠨ᠎ᠠ᠃    ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠰᠥᠨᠢᠳ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾᠂ ︽ᠰᠥᠨᠢᠳ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠯᠠ ᠲᠥᠯᠥᠭᠡᠯᠡᠭᠴᠢ ᠶᠢ ᠨᠥᠬᠦᠨ ᠰᠣᠩᠭᠤᠬᠤ ᠲᠤᠬᠠᠶ ᠮᠡᠳᠡᠭᠳᠡᠯ︾᠂ ︽ᠰᠥᠨᠢᠳ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠣᠩᠭᠤᠬᠤ ᠠᠷᠭ᠎ᠠ ︵ᠲᠥᠰᠦᠯ︶︾ ᠶᠢ ᠬᠢᠨᠠᠨ ᠵᠥᠪᠯᠡᠵᠦ ᠪᠠᠲᠤᠯᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠵᠥᠢᠯᠠᠰ ᠢ ᠪᠠᠲᠤᠯᠠᠪᠠ᠃    ᠪᠢᠯᠧᠲ ᠥᠭᠬᠦ ᠪᠠᠷ ᠳᠡᠮᠵᠢᠨ᠂ ᠪᠤᠯᠤᠳ ᠨᠥᠬᠦᠷ ᠢ ᠬᠤᠰᠢᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠵᠤ᠂ ᠼᠦᠩ ᠮᠧᠶ ᠨᠥᠬᠦᠷ ᠢ ᠬᠤᠰᠢᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠲᠣᠮᠢᠯᠠᠪᠠ᠃ ᠬᠤᠷᠠᠯ ᠠᠴᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠬᠤᠰᠢᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠼᠦᠩ ᠮᠧᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃    ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠴᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠳ ᠢ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠠᠵᠢᠯ ᠤᠨ ᠪᠠᠶᠢᠷᠢ ᠶᠢᠨ ᠠᠵᠢᠯ ᠢ ᠣᠶᠢᠯᠠᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠣᠯᠠᠨ ᠲᠦᠮᠡᠨ ᠳᠤ ᠦᠢᠯᠡᠴᠢᠯᠡᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠥᠨᠢᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠰᠠᠨ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号