ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠠᠵᠠᠷ | ᠣᠷᠣᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ᠂ ᠰᠣᠶᠣᠯ ᠤᠨ | ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤ ᠪᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠭᠠᠷ ᠬᠤᠯᠪᠣᠯᠴᠠᠨ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠳᠤ ᠡᠯᠪᠡᠭ ᠪᠠᠶᠠᠯᠢᠭ ᠰᠣᠶᠣᠯ ᠤᠨ | ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠦᠷᠨᠢᠭᠦᠯᠪᠡ᠃ ᠠᠵᠢᠯᠯᠠᠭ᠎ᠠ ᠨᠢ ᠬᠤᠶᠠᠷ ᠭᠠᠵᠠᠷ ᠤᠨ ᠤᠳᠬ᠎ᠠ | ᠤᠷᠠᠯᠢᠭ ᠤᠨ ᠠᠵᠢᠯᠲᠠᠳ ᠤᠨ ᠨᠥᠬᠦᠷᠯᠡᠯ ᠢ ᠨᠡᠮᠡᠭᠳᠡᠭᠦᠯᠦᠭᠰᠡᠨ ᠪᠥᠭᠡᠳ ᠪᠠᠰᠠ ᠦᠨᠳᠦᠰᠦᠲᠡᠨ ᠤ ᠰᠣᠶᠣᠯ ᠢ | ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ᠃ ᠥᠪᠥᠷ ᠮᠣᠩᠭᠤᠯ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ᠂ ᠠᠯᠠᠱᠠ | ᠪᠠᠷᠠᠭᠤᠨ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠠᠯᠠᠱᠠ ᠠᠶᠢᠮᠠᠭ ᠤᠨ | ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ ᠡᠩᠬᠡᠬᠠᠳᠠ᠂ ᠥᠪᠥᠷ ᠮᠣᠩᠭᠤᠯ ᠤᠨ ᠰᠢᠯᠦᠭ ᠳᠠᠭᠤᠯᠠᠯ ᠤᠨ | ᠨᠡᠶᠢᠭᠡᠮᠯᠢᠭ ᠤᠨ ᠳᠡᠳ᠋ ᠳᠠᠷᠤᠭ᠎ᠠ ᠡᠷᠳᠡᠨᠢᠪᠤᠯᠤᠳ᠂ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠤᠯᠠᠭᠠᠨᠴᠡᠴᠡᠭ᠂ ᠰᠥᠨᠢᠳ ᠪᠠᠷᠠᠭᠤᠨ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠴᠣ ᠰᠠᠷᠠᠭᠤᠯ᠂ ᠠᠯᠠᠱᠠ ᠪᠠᠷᠠᠭᠤᠨ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠴᠠᠢ ᠱᠣᠤ ᠮᠢᠨ ︵柴绍民︶᠂ ᠠᠯᠠᠱᠠ | ᠪᠠᠷᠠᠭᠤᠨ ᠬᠤᠰᠢᠭᠤᠨ ᠤ ᠰᠣᠶᠣᠯ ᠨᠣᠮ ᠤᠨ ᠰᠠᠩ ᠤᠨ ᠳᠠᠷᠤᠭ᠎ᠠ ᠬᠤᠩ ᠴᠢ ᠶᠠᠷᠢᠯᠴᠠᠬᠤ ᠬᠤᠷᠠᠯ ᠳᠤ ᠣᠷᠣᠯᠴᠠᠵᠤ᠂ | ᠬᠤᠶᠠᠷ ᠭᠠᠵᠠᠷ ᠤᠨ ᠵᠣᠬᠢᠶᠠᠯᠴᠢ᠂ ᠰᠢᠯᠦᠭᠴᠢᠳ ᠤᠨ ᠲᠥᠯᠥᠭᠡᠯᠡᠭᠴᠢ ᠰᠣᠶᠣᠯ ᠤᠨ ᠰᠣᠯᠢᠯᠴᠠᠭᠠᠨ ᠤ | ᠠᠵᠢᠯᠯᠠᠭ᠎ᠠ ᠳᠤ ᠣᠷᠣᠯᠴᠠᠪᠠ᠃ | | | | ᠬᠤᠷᠠᠯ ᠳᠤ ᠣᠷᠣᠯᠴᠠᠭᠰᠠᠳ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶ | ᠠᠬᠢᠭᠤᠯᠬᠤ ᠲᠤᠬᠠᠶ ᠲᠣᠰ ᠲᠣᠰ ᠶᠠᠷᠢᠶ᠎ᠠ ᠲᠠᠯᠪᠢᠭᠰᠠᠨ ᠪᠥᠭᠡᠳ ᠲᠣᠰ ᠤᠳᠠᠭᠠᠨ ᠤ ᠰᠣᠶᠣᠯ ᠤᠨ ᠰᠣᠯᠢᠯᠴᠠᠭᠠᠨ ᠤ | ᠠᠵᠢᠯᠯᠠᠭ᠎ᠠ ᠨᠢ ᠬᠤᠶᠠᠷ ᠭᠠᠵᠠᠷ ᠤᠨ ᠰᠣᠶᠣᠯ ᠤᠨ ᠴᠡᠴᠡᠭᠯᠡᠯᠲᠡ ᠶᠢ ᠠᠬᠢᠭᠤᠯᠬᠤ᠂ ᠬᠤᠶᠠᠷ ᠭᠠᠵᠠᠷ ᠤᠨ ᠰᠣᠶᠣᠯ ᠤᠨ | ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠭᠠᠵᠠᠷ ᠤᠨ ᠤᠳᠬ᠎ᠠ | ᠤᠷᠠᠯᠢᠭ ᠤᠨ ᠬᠤᠯᠪᠣᠭ᠎ᠠ ᠨᠣᠮ ᠪᠢᠴᠢᠭ᠂ ᠰᠡᠳᠬᠦᠯ᠂ ᠤᠳᠬ᠎ᠠ ᠵᠣᠬᠢᠶᠠᠯ ᠤᠨ ᠪᠦᠲᠦᠭᠡᠯ ᠢ ᠬᠠᠷᠢᠯᠴᠠᠨ ᠪᠡᠯᠡᠭᠯᠡᠵᠦ᠂ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠢᠷᠡᠭᠡᠳᠦᠶ ᠶᠢᠨ ᠤᠳᠬ᠎ᠠ ᠤᠷᠠᠯᠢᠭ ᠰᠣᠶᠣᠯ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠵᠠᠯᠠᠭᠤ | ᠰᠢᠯᠦᠭᠴᠢᠨ ᠼᠧ ᠶᠢᠩ ᠰᠠᠩ ᠪᠣᠯᠤᠨ ᠠᠯᠲᠠᠨᠴᠢᠯᠠᠭᠤ ᠶᠢᠨ ᠰᠢᠨ᠎ᠡ ᠨᠣᠮ ᠲᠠᠷᠬᠠᠭᠠᠬᠤ ᠶᠣᠰᠣᠯᠠᠯ ᠳᠤ ᠣᠷᠣᠯᠴᠠᠵᠤ᠂ | ᠠᠯᠠᠱᠠ ᠪᠠᠷᠠᠭᠤᠨ ᠬᠤᠰᠢᠭᠤᠨ ᠤ ᠮᠦᠽᠧᠶ᠂ ᠳᠤᠮᠳᠠᠳᠤ ᠤᠯᠤᠰ ᠤᠨ ᠲᠡᠮᠡᠭᠡᠨ ᠤ ᠣᠷᠳᠣᠨ᠂ ᠪᠠᠳᠠᠢ ᠶᠢᠨ ᠵᠢᠵᠢᠭ | ᠪᠠᠯᠭᠠᠰᠤᠨ ᠤ ᠲᠡᠷᠭᠡ ᠤᠷᠤᠯᠳᠤᠬᠤ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠪᠠᠳᠠᠶ ᠶᠢᠨ ᠵᠢᠷᠠᠨ ᠤ ᠡᠯᠡᠰᠦᠨ | ᠴᠥᠯ ᠠᠴᠠ ᠦᠵᠡᠮᠵᠢ ᠠᠪᠬᠤ ᠶᠢᠨ ᠬᠠᠮᠲᠦ ᠮᠠᠯᠴᠢᠨ ᠰᠢᠯᠦᠭᠴᠢᠳ ᠲᠠᠢ ᠰᠠᠨᠠᠯ ᠢᠶᠠᠨ ᠰᠣᠯᠢᠯᠴᠠᠪᠠ᠃ | | | | ᠰᠥᠨᠢᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠠᠯᠠᠱᠠ ᠠᠶᠢᠮᠠᠭ ᠤᠨ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠳᠤ ᠬᠠᠮᠲᠤᠷᠠᠨ | ᠡᠷᠬᠢᠯᠡᠭᠰᠡᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠲᠡᠭᠦᠰ ᠠᠮᠵᠢᠯᠲᠠ ᠲᠠᠢ ᠦᠨᠳᠤᠷᠯᠡᠪᠡ᠃ ᠬᠤᠶᠠᠷ | ᠭᠠᠵᠠᠷ ᠤᠨ ᠤᠳᠬ᠎ᠠ ᠤᠷᠠᠯᠢᠭ ᠤᠨ ᠠᠵᠢᠯᠲᠠᠳ ᠰᠠᠨᠠᠯ ᠢᠶᠠᠨ ᠰᠣᠯᠢᠯᠴᠠᠬᠤ᠂ ᠤᠷ᠎ᠠ ᠮᠡᠷᠭᠡᠵᠢᠯ ᠢᠶᠠᠨ ᠵᠥᠪᠳᠡᠨ | ᠶᠠᠷᠢᠯᠴᠠᠬᠤ ᠪᠠᠷ ᠳᠠᠮᠵᠢᠭᠤᠯᠤᠨ᠂ ᠬᠤᠶᠠᠷ ᠭᠠᠵᠠᠷ ᠤᠨ ᠬᠤᠭᠤᠷᠣᠨᠳᠣᠬᠢ ᠣᠶᠢᠯᠠᠭᠠᠯᠴᠠᠭ᠎ᠠ ᠪᠠ ᠨᠥᠬᠦᠷᠯᠡᠯ ᠢᠶᠠᠨ | ᠵᠤᠵᠠᠭᠠᠳᠬᠠᠵᠤ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠶᠢ ᠠᠬᠢᠭᠤᠯᠬᠤ ᠳᠤ ᠰᠢᠨ᠎ᠡ | ᠠᠷᠭ᠎ᠠ ᠵᠠᠮ ᠢ ᠨᠡᠭᠡᠭᠡᠵᠦ ᠦᠭᠭᠦᠭᠰᠡᠨ ᠪᠠᠶᠢᠨ᠎ᠠ᠃ | |