10 ᠳ᠋ᠤᠭᠠᠷ ᠰᠠᠷ᠎ᠠ ᠶᠢᠨ 11 ᠤ ᠡᠳᠦᠷ᠂ ᠮᠠᠨᠳᠠᠯᠲᠦ ᠪᠠᠯᠭᠠᠰᠤᠨ ᠤ ᠡᠩᠭᠡᠷ ᠨᠡᠶᠢᠭᠡᠮ ᠲᠣᠭᠤᠷᠢᠭ ᠤᠨ ᠬᠢᠨ | ︽ᠬᠠᠶᠢᠷ᠎ᠠ ᠪᠠᠷ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ︾ ᠭᠤᠣᠯ ᠰᠡᠳᠦᠪᠲᠦ ᠠᠵᠢᠯᠯᠠᠭ᠎ᠠ | ᠦᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠪᠣᠯᠤᠨ ᠪᠡᠶ᠎ᠡ | ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠶᠢᠴᠤᠳ ᠤᠨ ᠰᠡᠳᠬᠢᠯ ᠤᠨ ᠦᠭᠡ ᠪᠣᠯᠤᠨ ᠬᠡᠷᠡᠭᠴᠡᠭᠡ | ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠤᠰᠤᠭᠰᠠᠨ ᠪᠠᠶᠢᠨ᠎ᠠ᠃ ᠡᠭᠦᠨ ᠤ ᠬᠠᠮᠲᠤ᠂ ᠨᠠᠰᠤᠲᠠᠶᠢᠴᠤᠳ ᠲᠤ ᠴᠢᠰᠤᠨ | ᠰᠢᠬᠢᠷ ᠤᠨ ᠬᠡᠮᠵᠢᠭᠦᠷ ᠬᠦᠷᠭᠡᠵᠦ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ | ᠴᠢᠨᠠᠷᠲᠠᠶ ᠡᠪᠡᠳᠴᠢᠨ ᠢ ᠰᠡᠷᠭᠡᠶᠢᠯᠡᠬᠦ ᠮᠡᠳᠡᠯᠭᠡ ᠵᠢᠴᠢ ᠡᠳᠦᠷ ᠲᠤᠲᠤᠮ ᠤᠨ ᠢᠳᠡᠭᠡᠨ ᠤᠮᠳᠠᠭᠠᠨ ᠤ ᠠᠩᠬᠠᠷᠬᠤ | ᠵᠦᠢᠯᠡᠰ ᠢ ᠤᠬᠠᠭᠤᠯᠤᠨ ᠲᠦᠭᠡᠮᠡᠯᠵᠢᠭᠦᠯᠵᠦ᠂ ᠨᠠᠰᠤᠲᠠᠶᠢᠴᠤᠳ ᠲᠤ ᠴᠠᠭ ᠠᠭᠤᠷ ᠤᠨ ᠬᠤᠪᠢᠷᠠᠯᠲᠠ ᠶᠢ ᠠᠩᠬᠠᠷᠴᠤ᠂ | ᠪᠡᠶ᠎ᠡ ᠪᠠᠨ ᠬᠢᠴᠢᠶᠡᠵᠦ᠂ ᠬᠡᠷᠪᠡ ᠬᠠᠪᠰᠤᠷᠬᠤ ᠴᠢᠬᠤᠯᠠᠲᠠᠶ ᠭᠠᠵᠠᠷ ᠪᠠᠶᠢᠪᠠᠯ ᠴᠠᠭ ᠲᠤᠬᠠᠶ ᠳᠤᠨᠢ ᠨᠡᠶᠢᠭᠡᠮ | ᠲᠣᠭᠤᠷᠢᠭ ᠲᠠᠢ ᠬᠠᠷᠢᠯᠴᠠᠬᠤ ᠶᠢᠨ ᠬᠠᠮᠲᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠰᠠᠶᠢᠨ ᠰᠠᠶᠢᠬᠠᠨ ᠵᠥᠩᠨᠡᠯ | ᠪᠠ ᠮᠡᠨᠳᠦᠴᠢᠯᠡᠯ ᠳᠡᠪᠰᠢᠭᠦᠯᠵᠡᠶ᠃ | ᠡᠩᠭᠡᠷ ᠨᠡᠶᠢᠭᠡᠮ ᠲᠣᠭᠤᠷᠢᠭ ᠨᠢ ᠤᠯᠠᠮᠵᠢᠯᠠᠯᠲᠤ ᠰᠠᠶᠢᠬᠠᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠡᠯ᠎ᠡ | ᠵᠦᠢᠯ ᠤᠨ ᠠᠷᠭ᠎ᠠ ᠪᠠᠷᠢᠯ ᠪᠠᠷ ᠳᠠᠮᠵᠢᠭᠤᠯᠤᠨ ᠨᠠᠰᠤᠲᠠᠶᠢᠴᠤᠳ ᠢ ᠬᠠᠯᠠᠮᠵᠢᠯᠠᠨ ᠬᠠᠪᠰᠤᠷᠴᠤ᠂ ᠨᠡᠶᠢᠭᠡᠮ ᠤᠨ ᠡᠯ᠎ᠡ | ᠡᠲᠡᠭᠡᠳ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ | ᠡᠭᠦᠷᠭᠡᠯᠡᠭᠦᠯᠤᠨ᠂ ᠨᠠᠰᠤᠲᠠᠶᠢᠴᠤᠳ ᠢ ᠠᠩᠬᠠᠷᠤᠨ ᠬᠠᠯᠠᠮᠵᠢᠯᠠᠵᠤ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ | ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ ᠥᠷᠲᠡᠭ ᠤᠨ ᠦᠵᠡᠯᠲᠡ ᠶᠢ ᠪᠤᠢ ᠪᠤᠯᠭᠠᠨ᠂ ᠡᠶ᠎ᠡ ᠵᠣᠬᠢᠴᠠᠯ ᠲᠠᠢ᠂ | ᠬᠠᠶᠢᠷ᠎ᠠ ᠬᠠᠯᠠᠮᠵᠢ ᠲᠠᠢ ᠨᠡᠶᠢᠭᠡᠮ ᠢ ᠪᠠᠶᠢᠭᠤᠯᠬᠤ ᠶᠢᠨ ᠲᠥᠯᠥᠭᠡ ᠬᠠᠮᠲᠤ ᠪᠠᠷ ᠴᠢᠷᠮᠠᠶᠢᠵᠦ ᠪᠠᠶᠢᠨ᠎ᠠ᠃ |