ᠬᠤᠰᠢᠭᠤ ᠤᠶᠢᠯᠡᠰ ᠪᠦᠳᠦᠭᠡᠬᠦ ᠬᠦᠷᠢᠶᠡᠯᠡᠩ ᠤᠨ ᠰᠤᠶᠤᠯ ᠤᠨ ᠪᠤᠳᠤᠭᠲᠦ ᠬᠡᠷᠡᠮ ᠪᠦᠬᠦ ᠲᠠᠯ᠎ᠠ ᠪᠠᠷ ᠳᠡᠯᠭᠡᠭᠳᠡᠯ᠎ᠡ
ᠨᠡᠶᠢᠲᠡᠯᠡᠭᠰᠡᠨ ᠴᠠᠭ᠄
2024/12/6
   ᠤᠶᠢᠷ᠎ᠡ ᠶᠢᠨ ᠡᠳᠦᠷ᠂ ᠬᠤᠰᠢᠭᠤ ᠤᠶᠢᠯᠡᠰ ᠪᠦᠳᠦᠭᠡᠬᠦ ᠬᠦᠷᠢᠶᠡᠯᠡᠩ ᠤᠨ ᠳᠥᠷᠪᠡᠳᠦᠭᠡᠷ ᠠᠰᠠᠷ ᠤᠨ ᠬᠠᠨ᠎ᠠ ᠶᠢᠨ ᠵᠢᠷᠤᠭ ᠪᠦᠬᠦᠨ ᠢ ᠵᠢᠷᠤᠵᠦ ᠪᠡᠶᠡᠯᠡᠭᠦᠯᠪᠡ᠃ ᠭᠤᠣᠯ ᠰᠡᠳᠦᠪ ᠨᠢ ᠲᠣᠪᠤᠶᠢᠮ᠎ᠠ᠂ ᠳᠦᠷᠢ ᠲᠥᠷᠬᠦ ᠨᠢ ᠴᠤᠪᠤᠭᠤᠯᠢᠭ᠂ ᠥᠩᠭᠡ ᠪᠤᠳᠤᠭ ᠨᠢ ᠥᠩᠭᠡ ᠢᠯᠭᠠᠷᠠᠮ᠎ᠠ ᠬᠠᠨ᠎ᠠ ᠶᠢᠨ ᠵᠢᠷᠤᠭ ᠤᠳ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠣᠷᠢᠯᠲᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠᠷ ᠪᠡᠯᠭᠡ ᠲᠡᠮᠳᠡᠭ ᠪᠣᠯᠭᠠᠭᠰᠠᠨ ᠰᠣᠶᠣᠯ ᠤᠨ ᠪᠤᠳᠤᠭᠲᠤ ᠬᠡᠷᠡᠮ ᠢ ᠨᠠᠷᠢᠨ ᠨᠢᠮᠪᠠᠶ ᠲᠥᠯᠥᠪᠯᠡᠬᠦ ᠶᠢᠨ ᠬᠠᠮᠲᠤ ᠵᠢᠷᠤᠵᠦ ᠭᠠᠷᠭᠠᠪᠠ᠃    ᠰᠤᠷᠪᠤᠯᠵᠢᠯᠠᠭᠴᠢ ᠬᠤᠰᠢᠭᠤ ᠤᠶᠢᠯᠡᠰ ᠪᠦᠳᠦᠭᠡᠬᠦ ᠬᠦᠷᠢᠶᠡᠯᠡᠩ ᠤᠨ ᠳᠥᠷᠪᠡᠳᠦᠭᠡᠷ ᠠᠰᠠᠷ ᠲᠤ ᠬᠦᠷᠬᠦ ᠳᠤ᠂ ᠡᠩ ᠲᠡᠷᠢᠭᠦᠨ ᠳᠤ ᠤᠯᠠᠭᠠᠨ ᠬᠡᠷᠡᠮ ᠳᠡᠭᠡᠷ᠎ᠡ ᠪᠢᠴᠢᠭᠳᠡᠭᠰᠡᠨ ︽ᠳᠤᠮᠳᠠᠳᠤ ᠤᠯᠤᠰ︾ ᠭᠡᠬᠦ ᠬᠤᠶᠠᠷ ᠦᠰᠤᠭ᠌ ᠨᠢ ᠲᠤᠩ ᠰᠦᠷᠯᠢᠭ ᠬᠠᠷᠠᠭᠳᠠᠨ᠎ᠠ᠃ ︽ᠳᠤᠮᠳᠠᠳᠤ︾ ᠭᠡᠬᠦ ᠦᠰᠦᠭ ᠨᠢ ᠳᠤᠮᠳᠠᠳᠤ ᠤᠯᠤᠰ ᠤᠨ ᠰᠤᠶᠤᠯ ᠤᠨ ᠭᠤᠣᠯ ᠴᠢᠮᠥᠭᠡ ᠬᠢᠭᠡᠳ ᠡᠬᠡ ᠣᠷᠣᠨ ᠤ ᠰᠠᠶᠢᠨ ᠰᠠᠶᠢᠬᠠᠨ ᠠᠭᠤᠯᠠ ᠤᠰᠤ ᠶᠢ ᠤᠷᠠᠨ ᠢᠶᠠᠷ ᠠᠭᠤᠰᠤᠯᠴᠠᠭᠤᠯᠵᠦ᠂ ︽ᠤᠯᠤᠰ︾ ᠭᠡᠬᠦ ᠦᠰᠦᠭ ᠨᠢ ᠮᠠᠨ ᠤ ᠬᠤᠰᠢᠭᠤᠨ ᠤ ᠪᠠᠢᠭᠠᠯᠢ ᠶᠢᠨ ᠥᠩᠭᠡ ᠦᠵᠡᠮᠵᠢ ᠶᠢ ᠳᠡᠯᠭᠡᠨ ᠦᠵᠡᠭᠦᠯᠬᠦ ᠶᠢᠨ ᠬᠠᠮᠲᠦ᠂ ᠬᠤᠰᠢᠭᠤ ᠭᠠᠵᠠᠷ ᠤᠨ ᠵᠢᠷᠤᠭ ᠲᠤ ᠡᠨᠡ ᠬᠦ ᠭᠠᠵᠠᠷ ᠳᠡᠭᠡᠷ᠎ᠡ ᠠᠮᠢᠳᠤᠷᠠᠵᠤ ᠪᠠᠢᠭ᠎ᠠ 18 ᠦᠨᠳᠦᠰᠦᠲᠡᠨ ᠤ ᠵᠢᠷᠤᠭ ᠢ ᠠᠮᠢᠳᠤ ᠳᠦᠷᠰᠦᠯᠢᠭ ᠪᠠᠷ ᠵᠢᠷᠤᠵᠦ ᠭᠠᠷᠭᠠᠨ᠂ ᠡᠳᠡᠭᠡᠷ ᠬᠠᠨ᠎ᠠ ᠶᠢᠨ ᠵᠢᠷᠤᠭ ᠤᠨ ᠪᠦᠲᠦᠭᠡᠯ ᠳᠤ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠤᠮᠠᠷᠠᠳᠤ ᠬᠢᠯᠢ ᠶᠢᠨ ᠰᠤᠶᠤᠯ ᠤᠨ ᠠᠭᠤᠯᠭ᠎ᠠ ᠠᠭᠤᠯᠤᠭᠳᠠᠵᠤ ᠪᠠᠶᠢᠨ᠎ᠠ᠃    ᠬᠠᠨ᠎ᠠ ᠶᠢᠨ ᠵᠢᠷᠤᠭ ᠤᠨ ᠪᠦᠲᠦᠭᠡᠯ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠷᠯᠢᠭ ᠰᠠᠶᠢᠬᠠᠨ᠂ 56 ᠦᠨᠳᠦᠰᠦᠲᠡᠨ ᠤ ᠬᠡᠦᠬᠡᠳ ᠤᠨ ᠪᠠᠶᠠᠷ ᠪᠠᠶᠠᠰᠬᠤᠯᠠᠩᠲᠤ ᠳᠦᠷᠢ ᠲᠥᠷᠬᠦ᠂ ᠪᠡᠯᠭᠡᠳᠡᠯ ᠤᠨ ᠤᠳᠬ᠎ᠠ ᠠᠭᠤᠯᠭ᠎ᠠ ᠲᠠᠢ ᠯᠤᠤ ᠶᠢᠨ ᠵᠢᠷᠤᠭ ᠵᠡᠷᠭᠡ ᠪᠦᠲᠦᠭᠡᠯ ᠪᠠᠶᠢᠵᠤ᠂ ᠰᠥᠨᠢᠳ ᠵᠡᠭᠦᠨ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠦ ᠪᠠᠶᠢᠬᠤ ᠶᠢ ᠢᠯᠡᠷᠬᠡᠶᠢᠯᠡᠵᠦ᠂ ᠡᠳᠡᠭᠡᠷ ᠬᠠᠨ᠎ᠠ ᠶᠢᠨ ᠵᠢᠷᠤᠭ ᠤᠨ ᠪᠦᠲᠦᠭᠡᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号