| | ᠲᠥᠯᠥᠭᠡᠯᠡᠭᠴᠢᠳ ᠡ᠄ | ᠳᠣᠣᠷ᠎ᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ | ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠤᠨ ᠳᠡᠪᠰᠢᠬᠦᠯᠬᠦ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠪᠢᠳᠡ 2023 ᠣᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠭᠤᠣᠯ | ᠰᠡᠳᠦᠪᠲᠦ ᠬᠥᠮᠦᠵᠢᠯ ᠢ ᠥᠷᠨᠢᠭᠦᠯᠬᠦ ᠪᠠᠷ ᠬᠥᠳᠡᠯᠭᠡᠬᠦ ᠬᠦᠴᠦᠨ ᠪᠤᠯᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ | ᠲᠣᠮᠣ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠢᠶᠠᠷ ᠵᠠᠮᠨᠠᠵᠤ᠂ ᠰᠢᠯᠢᠳᠡᠭ ᠠᠮᠵᠢᠯᠲᠠ ᠤᠯᠬᠤ︾ ᠲᠡᠮᠡᠴᠡᠯ | ᠤᠨ ᠬᠠᠷᠠᠯᠲᠠ ᠶᠢᠨ ᠲᠣᠭᠤᠷᠢᠨ ᠳᠤ᠂ ᠳᠡᠭᠡᠳᠤ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ | ᠤᠨ ᠠᠷᠠᠳ ᠲᠦᠮᠡᠨ ᠲᠠᠢ ᠨᠢᠭᠲᠠ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠡᠷᠬᠡ ᠶᠢ ᠲᠤᠭᠤᠯᠤᠨ ᠪᠡᠷᠬᠡᠰᠢᠶᠡᠯ ᠢ ᠳᠠᠪᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠥᠬᠦ ᠵᠢᠯ ᠳᠤ | 47.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 56.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 65.6% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 6.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 52.6% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠥᠷᠲᠡᠭ 5.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤᠶᠢᠴᠠ | ᠣᠷᠣᠯᠭ᠎ᠠ ᠲᠣᠰ ᠪᠦᠷᠢ 49579 ᠲᠥᠭᠦᠷᠢᠭ ᠪᠠ 23571 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ | ᠤ ᠬᠢ ᠠᠴᠠ 5.6 % ᠪᠠ 7.3 % ᠪᠠᠷ ᠨᠡᠮᠡᠭᠳᠡᠪᠡ᠃ | ︵ᠨᠢᠭᠡ︶ ᠠᠵᠤ ᠦᠢᠯᠡᠰ ᠯᠠᠪᠳᠠᠭᠤᠨ ᠲᠣᠭᠲᠠᠭᠤᠨ ᠢᠶᠠᠷ ᠬᠦᠭᠵᠢᠪᠡ᠃ ᠲᠥᠷᠥᠯ ᠵᠦᠢᠯ ᠤᠨ | ᠬᠡᠷᠡᠭᠵᠢᠭᠦᠯᠦᠯᠲᠡ ᠨᠢ ᠲᠣᠪᠣᠶᠢᠮ᠎ᠠ ᠪᠦᠲᠦᠮᠵᠢ ᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ | ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠱᠠᠩᠬᠠᠢ᠂ ᠲᠢᠶᠠᠨᠵᠢᠨ ᠤ ᠠᠷᠠᠯᠵᠢᠶᠠᠴᠢᠨ ᠤᠷᠢᠵᠤ | ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 225 ᠠᠵᠤ ᠠᠬᠤᠶᠢᠯᠠᠯ ᠲᠠᠢ ᠠᠭᠤᠯᠵᠠᠨ | ᠵᠦᠪᠳᠡᠯᠡᠯᠴᠡᠵᠤ᠂ 15 ᠲᠦᠷᠦᠯ ᠵᠤᠶᠢᠯ ᠤᠨ ᠲᠤᠭᠤᠷᠢᠨ ᠳᠤ ᠭᠡᠷ᠎ᠡ ᠲᠤᠭᠲᠠᠵᠤ᠂ ᠨᠠᠶᠢᠳᠠᠪᠤᠷᠢᠵᠢᠭᠤᠯᠤᠨ | ᠪᠤᠲᠠᠲᠠᠶᠢᠵᠢᠭᠤᠯᠤᠭᠰᠠᠨ ᠲᠦᠷᠦᠯ ᠵᠦᠢᠯ 5 ᠪᠤᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ | ᠪᠣᠳᠠᠲᠠᠶᠢᠵᠢᠭᠤᠯᠤᠭᠰᠠᠨ ᠪᠡᠯᠡ ᠮᠥᠩᠭᠦ 24.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 19.7% ᠪᠠᠷ ᠨᠡᠮᠡᠭᠳᠡᠪᠡ᠃ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ 42 ᠵᠦᠢᠯ | ᠤᠨ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ 13 ᠵᠦᠢᠯ ᠤᠨ ᠠᠶᠢᠮᠠᠭ ᠤᠨ ᠲᠠᠰ ᠤᠨ ᠭᠤᠣᠯᠳᠠᠯᠭ᠎ᠠ | ᠲᠠᠢ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠢᠨᠠᠨ | ᠰᠢᠯᠭᠠᠷᠠᠭᠤᠯᠤᠯᠲᠠ ᠳᠤ ᠪᠥᠬᠦ ᠠᠶᠢᠮᠠᠭ ᠲᠤ ᠲᠡᠷᠢᠬᠦᠯᠡᠪᠡ᠃ ᠤᠳᠤᠬᠢᠴᠢᠯᠠᠭᠰᠠᠨ ᠮᠠᠯ ᠠᠵᠤ ᠠᠬᠤᠢ ᠯᠠᠪᠳᠠᠭᠤᠨ | ᠪᠠᠲᠤᠲᠠᠢ ᠡᠬᠢᠯᠡᠯ ᠲᠠᠢ ᠪᠤᠯᠵᠤ᠂ ︽ᠬᠤᠨᠢ ᠶᠢ ᠴᠥᠭᠡᠳᠬᠡᠨ ᠦᠬᠡᠷ ᠢ ᠨᠡᠮᠡᠭᠳᠡᠬᠦᠯᠬᠦ︾ ᠦᠷ᠎ᠡ ᠪᠦᠲᠦᠮᠵᠢ | ᠦᠷᠭᠦᠯᠵᠢᠯᠡᠨ ᠪᠠᠬᠢᠵᠢᠵᠦ᠂ ᠪᠦᠬᠦ ᠵᠢᠯ ᠳᠤ ᠮᠢᠬᠠᠨ ᠤ ᠦᠬᠡᠷ 15 ᠲᠦᠮᠡᠨ ᠲᠤᠯᠤᠭᠠᠢ᠂ ᠰᠥᠨᠢᠳ ᠬᠤᠨᠢ 105 | ᠲᠦᠮᠡᠨ ᠲᠤᠯᠤᠭᠠᠢ ᠳᠤ ᠬᠦᠷᠴᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠪᠠ | ᠬᠤᠸᠠ ᠰᠢ ᠦᠬᠡᠷ ᠤᠨ ᠰᠢᠯᠢᠳᠡᠭ ᠡᠭᠦᠯᠳᠡᠷ ᠪᠣᠶᠢᠵᠢᠭᠤᠯᠬᠤ ᠰᠦᠷᠦᠭ ᠨᠡᠶᠢᠲᠡ 29 ᠳᠤ ᠬᠥᠷᠪᠡ︔ ᠰᠥᠨᠢᠳ | ᠬᠤᠨᠢ 105 ᠲᠦᠮᠡᠨ ᠲᠤᠯᠤᠭᠠᠢ᠂ ᠦᠷᠡᠵᠢᠯᠲᠡ ᠶᠢᠨ ᠲᠠᠯᠠᠪᠠᠶ 13 ᠰᠠᠭᠤᠷᠢ᠂ ᠭᠤᠤᠯᠳᠠᠯᠭᠠᠲᠤ ᠰᠦᠷᠦᠭ 140 | ᠳᠤ ᠬᠦᠷᠪᠡ᠃ 70 ᠲᠦᠮᠡᠨ ᠲᠣᠯᠣᠭᠠᠢ ᠮᠠᠯ ᠤᠨ ᠭᠠᠷᠭᠠᠯᠲᠠ ᠶᠢ ᠪᠡᠶᠡᠯᠡᠭᠦᠯᠵᠦ᠂ 41 ᠲᠦᠮᠡᠨ ᠲᠣᠯᠣᠭᠠᠢ ᠮᠠᠯ ᠢ | ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠪᠠ᠃ ᠪᠥᠬᠦ ᠵᠢᠯ ᠳᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠨᠥᠬᠦᠪᠦᠷᠢ᠂ ᠲᠠᠯ᠎ᠠ ᠨᠤᠲᠤᠭ ᠤᠨ ᠲᠡᠩᠴᠡᠭᠦᠷᠢᠰᠢᠯ ᠤᠨ ᠨᠦᠬᠦᠪᠦᠷᠢ ᠶᠢᠨ ᠪᠡᠯᠡ ᠮᠥᠩᠭᠦ ᠵᠢᠴᠢ ᠭᠠᠩ ᠬᠠᠭᠰᠠᠷᠭᠠᠨ | ᠢ ᠳᠡᠮᠵᠢᠬᠦ ᠪᠡᠯᠡ ᠮᠥᠩᠭᠦ ᠶᠢ 2.3 ᠳ᠋ᠦᠩᠰᠢᠭᠤᠷ ᠲᠥᠭᠦᠷᠢᠭ ᠲᠠᠷᠬᠠᠭᠠᠨ᠂ ᠭᠠᠩ ᠲᠠᠢ ᠲᠡᠮᠡᠴᠠᠨ ᠪᠠᠴᠢᠮ ᠪᠠᠶᠢᠳᠠᠯ | ᠢ ᠠᠷᠭᠠᠴᠠᠭᠠᠬᠤ ᠡᠪᠡᠰᠦ ᠪᠣᠷᠳᠤᠭ᠎ᠠ ᠶᠢ ᠨᠥᠭᠡᠴᠡᠯᠡᠵᠦ ᠡᠳ᠋ᠰᠢᠭᠦᠯᠬᠦ ᠥᠷᠲᠡᠭᠡ ᠶᠢ 5 ᠶᠢ ᠪᠠᠶᠢᠭᠤᠯᠵᠤ᠂ ᠡᠪᠡᠰᠦ | ᠪᠤᠷᠳᠤᠭᠠᠨ ᠤ ᠠᠷᠠᠯᠵᠢᠶᠠᠨ ᠤ ᠰᠠᠭᠤᠷᠢᠨ ᠭᠠᠵᠠᠷ ᠪᠠ ᠨᠥᠭᠡᠴᠡᠯᠡᠬᠦ ᠬᠥᠮᠥᠷᠭᠡ ᠶᠢ ᠲᠣᠰ ᠪᠦᠷᠢ 1 ᠶᠢ ᠰᠢᠨ᠎ᠡ ᠪᠠᠷ | ᠪᠠᠶᠢᠭᠤᠯᠵᠤ᠂ ᠡᠪᠡᠰᠦ ᠪᠤᠷᠳᠤᠭᠠᠨ ᠤ ᠵᠢᠯ ᠤᠨ ᠨᠥᠭᠡᠴᠡᠯᠡᠬᠦ ᠪᠠ ᠡᠳ᠋ᠰᠢᠭᠦᠯᠬᠦ ᠴᠢᠳᠠᠪᠬᠢ ᠲᠣᠰ ᠪᠦᠷᠢ 15 ᠲᠦᠮᠡᠨ | ᠲᠣᠨ ᠪᠠ 6 ᠲᠦᠮᠡᠨ ᠲᠣᠨ ᠳᠤ ᠬᠦᠷᠪᠡ᠃ ︽ᠰᠢᠯᠢ ᠶᠢᠨ ᠭᠤᠣᠯ ᠬᠤᠨᠢ︾ ᠶᠢᠨ ᠣᠷᠣᠨ ᠪᠦᠰᠡ ᠶᠢᠨ ᠨᠡᠶᠢᠲᠡ | ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ 3 ᠡᠷᠦᠬᠡ ᠪᠠᠶᠢᠵᠤ᠂ ᠪᠥᠬᠦ ᠵᠢᠯ | ᠳᠤ 10.5 ᠲᠦᠮᠡᠨ ᠲᠤᠯᠤᠭᠠᠢ ᠲᠠᠯ᠎ᠠ ᠨᠤᠲᠤᠭ ᠤᠨ ᠬᠤᠨᠢ ᠶᠢ ᠡᠳ᠋ᠰᠢᠭᠦᠯᠦᠨ᠂ ᠮᠠᠯᠴᠢᠳ ᠪᠠ ᠠᠵᠣ ᠠᠬᠤᠶᠢᠯᠠᠯ | ᠵᠡᠷᠭᠡᠪᠡᠷ ᠠᠰᠢᠭ ᠬᠥᠷᠲᠡᠪᠡ᠃ ᠳᠥᠷᠪᠡᠳᠦᠭᠡᠷ ᠬᠤᠭᠤᠴᠠᠭᠠᠨ ᠤ ︽ᠰᠢᠯᠢ ᠶᠢᠨ ᠭᠤᠣᠯ ᠴᠠᠭᠠᠨ ᠢᠳᠡᠭᠡᠨ︾ | ᠠᠮᠲᠠᠲᠤ ᠢᠳᠡᠭᠡᠨ ᠤ ᠰᠢᠯᠭᠠᠨ ᠦᠨᠡᠯᠡᠬᠦ ᠴᠤᠭᠯᠠᠭᠠᠨ ᠵᠢᠴᠢ ᠬᠤᠶᠠᠳᠣᠭᠠᠷ ᠬᠤᠭᠤᠴᠠᠭᠠᠨ ᠤ ᠰᠥᠨᠢᠳ ᠵᠡᠭᠦᠨ | ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠨᠠᠶᠢᠷ ᠢ ᠦᠪᠡᠳᠡᠭᠰᠢ ᠶᠡᠭᠡ ᠪᠠᠷ ᠦᠷᠨᠢᠬᠦᠯᠵᠤ᠂ | ᠤᠯᠠᠮᠵᠢᠯᠠᠯᠲᠤ ᠴᠠᠭᠠᠨ ᠢᠳᠡᠭᠡᠨ ᠤ ᠪᠣᠷᠤᠯᠠᠭᠤᠯᠭ᠎ᠠ ᠶᠢᠨ ᠲᠤᠰᠬᠠᠢ ᠳᠡᠯᠭᠡᠭᠦᠷ ᠪᠠ ᠵᠢᠵᠢᠭ ᠦᠢᠯᠡᠳᠬᠡᠯ 106 | ᠡᠷᠦᠬᠡ ᠳᠤ ᠬᠦᠷᠴᠦ᠂ ᠪᠥᠬᠦ ᠵᠢᠯ ᠤᠨ ᠪᠣᠷᠤᠯᠠᠭᠤᠯᠭ᠎ᠠ ᠶᠢᠨ ᠦᠷᠳᠡᠭ 4000 ᠭᠠᠷᠤᠢ ᠲᠦᠮᠡᠨ ᠲᠥᠭᠦᠷᠢᠭ ᠢ | ᠳᠠᠪᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠮᠠᠩᠯᠠᠢ ᠨᠡᠭᠦᠷᠡᠰᠦᠨ | ᠠᠭᠤᠷᠬᠠᠢ ᠶᠢᠨ 1000 ᠲᠦᠮᠡᠨ ᠲᠤᠨ ᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠤᠷᠰᠢᠨ ᠠᠵᠢᠯᠯᠠᠭᠤᠯᠵᠣ᠂ | ᠮᠠᠩᠯᠠᠢ ᠶᠢᠨ 2 × 66 ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ ᠦᠢᠯᠡᠳᠪᠦᠷᠢ ᠪᠦᠷᠢᠨ ᠭᠦᠢᠴᠡᠳᠭᠡᠯ ᠲᠠᠢ | ᠪᠦᠲᠦᠭᠡᠨ ᠪᠠᠶᠢᠭᠤᠯᠤᠯᠲᠠ ᠬᠢᠵᠦ᠂ ᠳ᠋ᠠ ᠲᠠᠩ ᠳ᠋ᠢᠩ ᠸᠠᠩ ᠤᠨ 35 ᠲᠦᠮᠡᠨ ᠲᠣᠨ ᠠᠽᠣᠲ ᠬᠦᠴᠢᠯ ᠤᠨ ᠠᠮᠮᠤᠨᠢ | ᠦᠢᠯᠡᠳᠪᠦᠷᠢᠯᠡᠬᠦ ᠲᠦᠷᠦᠯ ᠵᠦᠢᠯ ᠠᠵᠢᠯ ᠡᠬᠢᠯᠡᠬᠦᠯᠪᠡ᠃ ᠴᠠᠩᠲᠦ ᠤᠪᠤᠭᠠᠨ ᠤ ᠠᠯᠲᠠᠨ ᠤ ᠠᠭᠤᠷᠬᠠᠢ ᠶᠢ ᠨᠡᠬᠡᠭᠡᠨ | ᠮᠠᠯᠲᠠᠬᠤ ᠠᠵᠢᠯ ᠡᠬᠢᠯᠡᠵᠤ᠂ ᠶᠢᠨ ᠵᠥᠩ ᠠᠭᠤᠷᠬᠠᠢ ᠶᠢᠨ ᠦᠢᠯᠡᠰ ᠤᠨ ᠬᠠᠮᠲᠤᠷᠠᠨ ᠡᠵᠡᠩᠨᠡᠬᠦ ︵ᠬᠤᠪᠢ | ᠣᠷᠣᠭᠤᠯᠬᠤ︶ ᠭᠠᠵᠠᠷ ᠬᠡᠷᠡᠭᠯᠡᠬᠦ ᠭᠠᠷᠳᠠᠮ ᠨᠢ ᠭᠦᠢᠴᠡᠳᠬᠡᠬᠦ ᠱᠠᠲᠣᠨ ᠳᠤ ᠣᠷᠣᠵᠣ᠂ ᠳᠣᠮᠳᠠᠳᠣ ᠣᠯᠣᠰ ᠤᠨ | ᠴᠦᠮ᠎ᠡ ᠶᠢᠨ ᠠᠵᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠬᠠᠶᠢᠨ ᠮᠠᠯᠲᠠᠬᠤ | ᠭᠠᠷᠳᠠᠮ ᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠮᠡᠳᠡᠭᠦᠯᠪᠡ᠃ ᠰᠢᠨ᠎ᠡ ᠡᠨᠧᠷᠭᠢ ᠶᠢᠨ ᠠᠵᠦ ᠦᠢᠯᠡᠰ ᠤᠨ | ᠬᠦᠭᠵᠢᠯᠲᠡ ᠥᠷᠨᠢᠭᠦᠨ ᠪᠠᠶᠢᠵᠣ᠂ 150 ᠲᠦᠮᠡᠨ ᠺᠢᠯᠣᠸᠠᠲ ᠤᠨ ᠰᠠᠭᠤᠷᠢᠨ ᠭᠠᠵᠠᠷ᠂ ᠮᠧᠩ ᠨᠧᠩ 100 | ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡᠯᠡᠯᠲᠡ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠣᠨ | ᠠᠰᠢᠭᠯᠠᠯᠲᠠ ᠳᠤ ᠣᠷᠣᠭᠤᠯᠵᠤ᠂ ᠮᠢᠩ ᠶᠠᠩ ᠤᠨ 10 ᠲᠦᠮᠡᠨ ᠺᠢᠯᠣᠸᠠᠲ ᠤᠨ ᠪᠣᠬᠢᠷᠳᠣᠯ ᠦᠭᠡᠢ ᠴᠠᠬᠢᠯᠭᠠᠨ᠂ | ᠳ᠋ᠠ ᠬᠠᠩ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠦᠷᠦᠯ ᠵᠦᠢᠯ ᠢ ᠬᠢᠨᠠᠨ ᠵᠦᠪᠰᠢᠶᠡᠷᠡᠭᠦᠯᠵᠦ᠂ | ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠳᠤ ᠬᠡᠷᠡᠭᠯᠡᠬᠦ ᠭᠠᠷᠳᠠᠮ ᠬᠦᠢᠴᠡᠳᠬᠡᠯ | ᠤᠨ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠳᠤ ᠱᠠᠲᠤᠨ ᠳᠤ ᠮᠡᠳᠡᠭᠦᠯᠪᠡ᠃ ᠪᠦᠬᠦ ᠬᠤᠰᠢᠭᠤᠨ ᠤ ᠴᠠᠬᠢᠯᠭᠠᠨ ᠲᠤᠤᠷ | ᠲᠤ ᠵᠠᠯᠭᠠᠭᠰᠠᠨ᠂ ᠰᠢᠨ᠎ᠡ ᠪᠠᠷ ᠪᠠᠶᠢᠭᠤᠯᠵᠤ ᠪᠠᠶᠢᠭ᠎ᠠ ᠵᠢᠴᠢ ᠬᠢᠨᠠᠨ ᠵᠦᠪᠰᠢᠶᠡᠷᠡᠬᠦᠯᠦᠭᠰᠡᠨ ᠰᠢᠨ᠎ᠡ ᠡᠨᠧᠷᠭᠢ ᠶᠢᠨ | ᠲᠦᠷᠦᠯ ᠵᠦᠢᠯ ᠤᠨ ᠬᠡᠪᠴᠢᠶᠡᠵᠢᠯ ᠨᠢ 512.2 ᠲᠦᠮᠡᠨ ᠺᠢᠯᠣᠸᠠᠲ ᠲᠤ ᠬᠦᠷᠪᠡ᠃ ᠴᠠᠬᠢᠯᠭᠠᠨ ᠲᠤᠤᠷ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ | ᠢᠨᠵᠧᠨᠧᠷᠢᠩ᠂ 220 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠵᠢᠴᠢ ᠪᠠᠶᠠᠨᠬᠠᠩᠭᠠᠢ ᠶᠢᠨ 500 ᠺᠢᠯᠣᠸᠠᠲ | ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠣᠨ᠂ ᠮᠧᠩ ᠰᠢ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ | ᠡᠬᠢᠨ ᠤ ᠬᠤᠭᠤᠴᠠᠭᠠᠨ ᠤ ᠭᠠᠷᠳᠠᠮ ᠢ ᠭᠦᠢᠴᠡᠳᠬᠡᠪᠡ᠃ ᠪᠦᠬᠦ ᠬᠦᠴᠦᠨ ᠢᠶᠠᠷ ᠢᠶᠠᠨ ᠡᠨᠧᠷᠬᠢ ᠶᠢᠨ ᠬᠠᠩᠭᠠᠯᠭ᠎ᠠ ᠶᠢ | ᠪᠠᠲᠤᠯᠠᠨ᠂ ᠪᠦᠬᠦ ᠵᠢᠯ ᠳᠤ 621 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 36.5 ᠳ᠋ᠦᠩᠰᠢᠭᠤᠷ ᠭᠷᠡᠳᠦ᠋ᠰ | ᠤᠨ ᠴᠠᠬᠢᠯᠭᠠᠨ ᠭᠠᠷᠭᠠᠪᠠ᠃ ᠦᠢᠯᠡᠴᠢᠯᠡᠭᠡᠨ ᠤ ᠦᠢᠯᠡᠰ ᠤᠨ ᠬᠥᠭᠵᠯᠲᠡ ᠲᠣᠭᠲᠠᠭᠤᠨ ᠪᠠᠶᠢᠵᠣ᠂ ︽ᠳᠠᠶᠠᠩ ᠳᠤ | ᠠᠯᠳᠠᠷᠲᠠᠢ ᠰᠦᠨᠢᠳ ᠬᠤᠨᠢ᠂ ᠲᠠᠮᠠᠭᠠᠨ ᠰᠣᠶᠣᠯ ᠤᠨ ᠲᠠᠯ᠎ᠠ ᠨᠣᠲᠤᠭ︾ ᠰᠣᠶᠣᠯ ᠵᠢᠭᠤᠯᠴᠢᠯᠠᠯ ᠤᠨ ᠰᠢᠷᠢᠰ | ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠪᠣᠯᠣᠨ ᠣᠳᠣ | ᠦᠶ᠎ᠡ ᠶᠢᠨ ᠪᠦᠲᠦᠭᠡᠯᠴᠢ ᠲᠥᠰᠥᠪᠯᠡᠯ ᠤᠨ ᠦᠵᠡᠭᠦᠯᠦᠯᠭᠡ ᠶᠢ ᠠᠮᠵᠢᠯᠲᠠᠲᠠᠢ ᠳᠠᠭᠠᠭᠠᠴᠢᠯᠠᠨ ᠡᠷᠭᠢᠯᠡᠵᠦ᠂ | ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ︾ ᠤ ᠰᠥᠨᠢᠳ ᠵᠡᠭᠦᠨ | ᠬᠤᠰᠢᠭᠤᠨ ᠤ ᠬᠤᠪᠢᠶᠠᠷᠢ ᠲᠠᠯᠠᠪᠠᠢ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ᠃ ᠬᠤᠶᠠᠷ ᠵᠤᠷᠪᠤᠰ ᠵᠢᠭᠤᠯᠴᠢᠯᠠᠯ | ᠤᠨ ᠱᠤᠭᠤᠮ ᠨᠢ ᠪᠦᠬᠦ ᠤᠯᠤᠰ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠲᠣᠭᠤᠷᠢᠯᠲᠠ ᠶᠢᠨ | ᠵᠠᠮ ᠳᠤ ᠤᠷᠤᠵᠤ᠂ ᠮᠠᠨᠳᠠᠯᠲᠤ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ | ᠥᠪ ᠤᠨ ᠣᠨᠴᠠᠯᠢᠭᠲᠤ ᠪᠠᠯᠭᠠᠰᠤ ᠪᠠᠷ ᠦᠨᠡᠯᠡᠭᠳᠡᠵᠦ᠂ ᠰᠦᠨᠢᠳ ᠮᠦᠽᠧᠢ ᠨᠢ ᠤᠯᠤᠰ ᠤᠨ 2A ᠳᠡᠰ ᠤᠨ | ᠦᠵᠡᠮᠵᠢ ᠶᠢᠨ ᠣᠷᠣᠨ ᠢᠶᠠᠷ ᠦᠨᠡᠯᠡᠭᠳᠡᠨ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢ | ᠳᠠᠩᠰᠠᠯᠠᠭᠤᠯᠪᠠ᠃ ᠬᠡᠪᠴᠢᠶᠡᠵᠢᠯ ᠠᠴᠠ ᠲᠡᠭᠡᠭᠰᠢᠬᠢ ᠪᠥᠭᠡᠮ ᠢᠶᠠᠷ ᠪᠤᠷᠤᠯᠠᠭᠤᠯᠤᠨ᠂ ᠵᠢᠵᠢᠭᠯᠡᠨ ᠬᠤᠳᠠᠯᠳᠤᠬᠤ | ᠢᠳᠡᠭᠡᠨ ᠤᠮᠳᠠᠭᠠᠨ ᠤ ᠠᠵᠤ ᠠᠬᠤᠶᠢᠯᠠᠯ 4 ᠡᠷᠦᠬᠡ ᠰᠢᠨ᠎ᠡ ᠪᠠᠷ ᠨᠡᠮᠡᠭᠳᠠᠨ᠂ ᠠᠵᠣ ᠦᠢᠯᠡᠳᠪᠦᠷᠢᠯᠡᠯ ᠤᠨ | ᠦᠢᠯᠡᠴᠢᠯᠡᠭᠡᠨ ᠤ ᠠᠵᠣ ᠠᠬᠤᠢ 2 ᠡᠷᠦᠬᠡ ᠳᠠᠩᠰᠠᠯᠠᠭᠤᠯᠵᠤ᠂ ᠪᠦᠬᠦ ᠵᠢᠯ ᠤᠨ ᠭᠠᠳᠠᠭᠠᠲᠤ ᠣᠷᠣᠭᠤᠯᠣᠯᠲᠠ ᠶᠢᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠦᠷᠲᠡᠭ ᠲᠤᠰ ᠪᠦᠷᠢ 12.2 ᠲᠦᠮᠡᠨ ᠲᠣᠨ ᠪᠠ 1.2 ᠳ᠋ᠦᠩᠰᠢᠭᠤᠷ | ᠲᠥᠭᠦᠷᠢᠭ ᠲᠤ ᠬᠥᠷᠪᠡ᠃ ᠦᠢᠯᠡᠴᠢᠯᠡᠬᠡᠨ ᠤ ᠦᠢᠯᠡᠰ ᠤᠨ ᠨᠡᠮᠡᠭᠳᠡᠯ ᠦᠷᠲᠡᠭ 13.9 ᠳ᠋ᠦᠩᠰᠢᠭᠤᠷ ᠲᠥᠭᠦᠷᠢᠭ | ᠲᠤ ᠬᠦᠷᠴᠦ᠂ ᠠᠵᠤ ᠠᠬᠤᠢ ᠶᠢᠨ ᠶᠡᠷᠦᠩᠬᠡᠢ ᠬᠡᠮᠵᠢᠶᠡᠨ ᠤ 29.3 % ᠶᠢ ᠡᠵᠡᠯᠡᠵᠦ᠂ ᠠᠵᠢᠯ ᠡᠷᠬᠢᠯᠡᠵᠦ ᠪᠠᠶᠢᠭ᠎ᠠ | ᠬᠥᠮᠥᠨ ᠤ ᠲᠤᠭ᠎ᠠ 6800 ᠭᠠᠷᠤᠢ ᠬᠥᠮᠥᠨ ᠳᠤ ᠬᠦᠷᠪᠡ᠃ | ︵ᠬᠤᠶᠠᠷ︶ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠩ ᠡᠷᠴᠢᠮᠵᠢᠬᠦᠯᠪᠡ᠃ ︽ᠬᠤᠶᠠᠷ ᠢ | ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠵᠦ᠂ ᠠᠵᠢᠯ ᠶᠠᠪᠤᠳᠠᠯ ᠰᠢᠢᠳᠪᠦᠷᠢᠯᠡᠬᠦ | ᠭᠠᠷᠳᠠᠮ ᠪᠠ ᠭᠤᠭᠴᠤᠭ᠎ᠠ ᠶᠢ ᠲᠤᠰ ᠪᠦᠷᠢ 21%᠂ 46% ᠪᠠᠷ ᠴᠣᠮᠬᠠᠳᠬᠠᠪᠠ᠃ ᠰᠦᠯᠵᠢᠶᠡᠨ ᠳᠡᠭᠡᠷ᠎ᠡ | ᠬᠦᠢᠴᠡᠳᠬᠡᠬᠦ ᠨᠣᠷᠮ᠎ᠠ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ᠂ ᠰᠦᠯᠵᠢᠶᠡᠨ ᠳᠡᠭᠡᠷ᠎ᠡ | ᠪᠤᠳᠠᠳᠠᠢ ᠪᠡᠶᠡᠯᠡᠬᠦᠯᠦᠭᠰᠡᠨ ᠨᠣᠷᠮ᠎ᠠ ᠲᠠᠰᠣᠷᠠᠯᠲᠠ ᠥᠭᠡᠢ ᠳᠡᠭᠡᠭᠰᠢᠯᠡᠵᠦ᠂ ︽ᠨᠢᠭᠡ ᠴᠤᠩᠬᠤᠪᠴᠢ ᠪᠠᠷ ᠬᠦᠯᠢᠶᠡᠨ | ᠠᠪᠴᠤ ᠰᠢᠢᠳᠪᠦᠷᠢᠯᠡᠬᠦ︾ ᠦᠢᠯᠡᠴᠢᠯᠡᠭᠡ ᠶᠢ ᠨᠡᠶᠢᠳᠡᠮ ᠪᠦᠷᠬᠦᠬᠦᠯᠪᠡ᠃ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠴᠠᠭ ᠲᠤᠬᠠᠢ ᠳᠤᠨᠢ ᠭᠥᠯᠢᠶᠡᠨ | ᠳᠣᠰᠣᠭᠰᠠᠨ ᠨᠣᠷᠮ᠎ᠠ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ ᠣᠯᠠᠨ ᠲᠦᠮᠡᠨ ᠤ | ᠬᠠᠨᠤᠮᠵᠢᠲᠠᠶ ᠪᠠᠶᠢᠬᠤ ᠨᠣᠷᠮ᠎ᠠ ᠴᠥᠮ 99% ᠶᠢ ᠳᠠᠪᠠᠵᠤ᠂ ᠪᠥᠬᠦ ᠠᠶᠢᠮᠠᠭ ᠲᠤ ᠲᠡᠷᠢᠬᠦᠯᠡᠪᠡ᠃ ᠠᠵᠤ ᠠᠬᠤᠶᠢᠯᠠᠯ | ᠢ ᠲᠤᠰᠠᠯᠠᠨ ᠬᠦᠴᠢᠷᠳᠡᠯ ᠢ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠳᠣᠪᠣᠶᠢᠮ᠎ᠠ ᠪᠠᠶᠢᠵᠣ᠂ 1732 ᠲᠦᠮᠡᠨ | ᠲᠥᠭᠦᠷᠢᠭ ᠤᠨ ᠭᠠᠶᠢᠯᠢ ᠠᠴᠠ ᠬᠡᠯᠲᠦᠷᠢᠭᠦᠯᠦᠨ᠂ ᠰᠦᠢᠳᠭᠡᠯ ᠢ ᠪᠠᠭᠤᠷᠠᠭᠤᠯᠵᠣ᠂ ᠵᠢᠵᠢᠭ ᠪᠠᠭ᠎ᠠ ᠠᠵᠤ ᠠᠬᠤᠶᠢᠯᠠᠯ | ᠳᠤ 8.8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠬᠠᠩᠭᠠᠵᠣ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠵᠢᠭᠡᠯᠡᠯᠭᠡ ᠪᠠ ᠬᠠᠳᠠᠭᠠᠯᠠᠮᠵᠢ ᠶᠢᠨ ᠬᠡᠮᠵᠢᠶ᠎ᠡ ᠨᠢ 33.3 ᠳ᠋ᠦᠩᠰᠢᠭᠤᠷ ᠲᠥᠭᠦᠷᠢᠭ ᠪᠠ 31.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 81.8% ᠪᠠ 1.5% ᠪᠠᠷ ᠨᠡᠮᠡᠭᠳᠡᠪᠡ᠃ ᠵᠠᠬ᠎ᠠ | ᠳᠡᠯᠭᠡᠭᠦᠷ ᠤᠨ ᠪᠡᠶᠡᠴᠢ ᠴᠣᠭᠴᠠ 3957 ᠡᠷᠦᠬᠡ ᠳᠤ ᠬᠦᠷᠴᠦ᠂ ᠳᠠᠩᠰᠠᠯᠠᠭᠤᠯᠤᠭᠰᠠᠨ ᠪᠡᠯᠡ ᠮᠥᠩᠭᠦ 106 | ᠳ᠋ᠦᠩᠰᠢᠭᠤᠷ ᠲᠥᠭᠦᠷᠢᠭ ᠲᠤ ᠬᠥᠷᠪᠡ᠃ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠲᠦᠷᠭᠡᠳᠬᠡᠪᠡ᠃ 3 ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠨ ᠲᠣᠭᠲᠠᠭᠠᠵᠤ᠂ 4 ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ᠦᠨᠡᠯᠡᠨ ᠳᠣᠭᠳᠠᠭᠠᠵᠦ᠂ 1 ᠰᠤᠳᠤᠯᠤᠨ ᠨᠡᠭᠡᠭᠡᠬᠦ ᠲᠥᠪ ᠢ ᠴᠤᠭᠴᠠᠯᠠᠨ | ᠪᠠᠶᠢᠭᠤᠯᠪᠠ᠃ ᠡᠷᠢᠶᠡᠨ ᠬᠤᠳᠠ ᠪᠠ ᠰᠥᠨᠢᠳ ᠪᠠᠷᠠᠭᠤᠨ ᠬᠤᠰᠢᠭᠤ ᠲᠠᠢ ᠭᠤᠷᠪᠠᠨ ᠭᠠᠵᠠᠷ ᠤᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤᠭᠲᠠᠵᠤ᠂ ᠤᠮᠠᠷᠠᠰᠢ ᠨᠡᠭᠡᠭᠡᠯᠲᠡ ᠬᠢᠬᠦ ᠵᠢᠴᠢ ᠣᠷᠣᠨ ᠪᠦᠰᠡ | ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ︵ᠭᠤᠷᠪᠠ︶ ᠤᠷᠤᠰᠢᠨ ᠰᠠᠭᠤᠬᠤ ᠤᠷᠴᠢᠨ ᠲᠤᠭᠤᠷᠢᠨ ᠢ ᠳᠠᠰᠤᠷᠠᠯᠲᠠ ᠦᠬᠡᠢ ᠰᠠᠶᠢᠵᠢᠷᠠᠪᠠ᠃ ᠠᠮᠢ | ᠠᠬᠤᠢ ᠦᠷᠬᠦᠯᠵᠢᠯᠡᠨ ᠰᠠᠶᠢᠵᠢᠷᠠᠵᠤ᠂ 1700 ᠭᠠᠷᠣᠢ ᠲᠦᠮᠡᠨ ᠲᠦᠬᠦᠷᠢᠭ ᠤᠨ ᠪᠡᠯᠡ ᠤᠷᠤᠭᠤᠯᠵᠤ᠂ ᠠᠭᠤᠯᠠ | ᠶᠢ ᠪᠢᠲᠡᠭᠦᠮᠵᠢᠯᠡᠨ ᠤᠶᠢᠵᠢᠭᠤᠯᠬᠤ᠂ ᠡᠪᠡᠰᠦᠨ ᠤ ᠶᠤᠵᠤᠭᠤᠷ ᠢ ᠲᠡᠭᠰᠢᠯᠡᠨ ᠤᠷᠭᠤᠯᠲᠠ ᠶᠢ ᠰᠠᠶᠢᠵᠢᠷᠠᠭᠤᠯᠬᠤ᠂ | ᠡᠯᠡᠰᠦ ᠲᠣᠭᠲᠠᠪᠤᠷᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠨ 1.1 ᠲᠦᠮᠡᠨ ᠮᠦ ᠨᠣᠲᠤᠭ | ᠪᠡᠯᠴᠢᠭᠡᠷ ᠢ ᠰᠡᠷᠭᠦᠭᠡᠨ ᠵᠠᠰᠠᠪᠠ᠃ 3.5 ᠲᠡᠭᠰᠢ ᠳᠥᠷᠪᠡᠯᠵᠢᠨ ᠺᠢᠯᠦᠮᠧᠲᠷ ᠨᠡᠬᠡᠬᠡᠨ ᠠᠰᠢᠭᠯᠠᠬᠤ ᠬᠤᠭᠤᠴᠠᠭᠠᠨ ᠳᠤ | ᠪᠠᠶᠢᠭ᠎ᠠ ᠠᠭᠤᠷᠬᠠᠢ ᠶᠢ ᠵᠠᠰᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠠᠭᠤᠷᠬᠠᠢ | ᠶᠢᠨ ᠨᠦᠬᠡ ᠶᠢ ᠬᠦᠳᠡᠯᠦᠩᠭᠦᠢ ᠴᠡᠪᠡᠷᠯᠡᠨ ᠴᠡᠭᠴᠡᠯᠡᠪᠡ᠃ ᠠᠭᠠᠷ ᠤᠨ ᠶᠠᠰᠤ ᠴᠢᠨᠠᠷ᠂ ᠤᠰᠤᠨ ᠤ ᠡᠬᠢ ᠰᠤᠷᠪᠤᠯᠵᠢ | ᠶᠢᠨ ᠪᠠᠶᠢᠴᠠᠭᠠᠯᠲᠠ᠂ ᠬᠥᠷᠥᠰᠥ ᠰᠢᠷᠣᠢ ᠣᠷᠴᠢᠨ ᠲᠣᠭᠤᠷᠢᠨ ᠤ ᠶᠠᠰᠤ ᠴᠢᠨᠠᠷ ᠨᠢ ᠴᠥᠮ ᠪᠠᠷᠢᠮᠵᠢᠶ᠎ᠠ ᠳᠤ ᠬᠦᠷᠴᠦ᠂ | ᠶᠡᠷᠦᠩᠬᠡᠢ ᠳᠡᠭᠡᠨ ᠲᠤᠠᠠᠳᠠᠭᠤᠨ ᠪᠠᠶᠢᠬᠤ ᠶᠢ ᠪᠠᠳᠤᠯᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠢ | ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠤᠨ ᠵᠢᠯ ᠤᠨ ᠡᠭᠦᠷᠭᠡ | ᠪᠠᠨ ᠠᠮᠵᠢᠯᠲᠠ ᠲᠠᠢ ᠪᠡᠶᠡᠯᠡᠬᠦᠯᠵᠤ᠂ ᠨᠤᠲᠤᠭ ᠪᠡᠯᠴᠢᠭᠡᠷ᠂ ᠣᠶᠢᠲᠤ ᠭᠠᠵᠠᠷ ᠢ ᠡᠪᠳᠡᠭᠰᠡᠨ ᠠᠰᠠᠭᠤᠳᠠᠯ ᠢ ᠪᠦᠬᠦᠨ ᠢ | ᠴᠡᠭᠴᠡᠯᠡᠨ ᠵᠠᠰᠠᠵᠤ᠂ ᠬᠠᠤᠯᠢ ᠪᠤᠰᠤ ᠪᠠᠷ ᠭᠠᠵᠠᠷ ᠭᠡᠷᠡᠭᠯᠡᠭᠰᠡᠨ ᠠᠵᠢᠯ ᠤᠨ ︽ᠳᠠᠬᠢᠨᠲᠠ ᠪᠠᠶᠢᠴᠠᠭᠠᠨ ᠦᠵᠡᠬᠦ︾ | ᠲᠤᠰᠬᠠᠢ ᠴᠡᠭᠴᠡᠯᠡᠨ ᠵᠠᠰᠠᠬᠤ ᠠᠵᠢᠯ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠪᠡ᠃ ᠬᠤᠳᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ 4100 ᠭᠠᠷᠤᠢ ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠮᠠᠨᠳᠠᠯᠳᠤ ᠪᠠᠯᠭᠠᠰᠤᠨ ᠤ 12 ᠺᠢᠯᠤᠮᠧᠲᠷ ᠲᠥᠪᠯᠡᠷᠡᠭᠦᠯᠦᠨ ᠳᠣᠯᠠᠭᠠᠯᠭ᠎ᠠ ᠬᠠᠩᠭᠠᠬᠤ ᠬᠤᠭᠤᠯᠠᠢ ᠶᠢ | ᠦᠭᠡᠷᠡᠴᠢᠯᠡᠨ ᠵᠠᠰᠠᠵᠣ᠂ 1.8 ᠲᠦᠮᠡᠨ ᠲᠡᠭᠰᠢ ᠳᠦᠷᠪᠡᠯᠵᠢᠨ ᠮᠧᠲᠷ ᠲᠡᠷᠭᠡᠨ ᠵᠣᠭᠰᠣᠭᠠᠯ ᠪᠠ ᠵᠡᠭᠡᠯᠢ ᠶᠢᠨ ᠵᠠᠮ ᠢ | ᠰᠡᠯᠪᠢᠨ ᠵᠠᠰᠠᠪᠠ᠂ ᠡᠯ᠎ᠡ ᠲᠦᠷᠦᠯ ᠤᠨ ᠭᠡᠷᠡᠯᠲᠦᠭᠦᠯᠭᠡ᠂ ᠦᠵᠡᠮᠦᠷᠢ᠂ ᠣᠳᠣᠷᠢᠳᠣᠮᠵᠢ ᠶᠢᠨ ᠫᠠᠶᠢᠰᠠ ᠵᠡᠷᠭᠡ ᠬᠤᠲᠠ | ᠶᠢᠨ ᠶᠠᠪᠤᠳᠠᠯ ᠤᠨ ᠲᠦᠬᠦᠭᠡᠷᠤᠮᠵᠢ ᠶᠢ 1700 ᠢᠵᠢ ᠪᠦᠷᠢᠨᠰᠢᠭᠦᠯᠦᠨ᠂ 19 ᠲᠥᠷᠥᠯ ᠵᠦᠢᠯ ᠳᠤ ᠤᠷᠤᠰᠢᠵᠤ | ᠪᠠᠶᠢᠭ᠎ᠠ ᠭᠠᠯ ᠤᠨᠲᠠᠷᠠᠭᠠᠬᠤ ᠲᠡᠤᠬᠡᠨ ᠦᠯᠡᠳᠡᠭᠳᠡᠯᠲᠤ ᠠᠰᠠᠭᠤᠳᠠᠯ ᠢ ᠴᠡᠭᠴᠡᠯᠡᠨ ᠰᠢᠯᠭᠠᠪᠠ᠃ ᠤᠯᠤᠰ ᠤᠨ ᠡᠷᠡᠭᠦᠯ | ᠬᠠᠮᠠᠭᠠᠯᠠᠯ ᠤᠨ ᠬᠤᠲᠠ᠂ ᠣᠷᠣᠨ ᠤ ᠪᠤᠯᠪᠠᠰᠣᠨ ᠬᠤᠲᠠ ᠶᠢᠨ ᠲᠠᠬᠢᠨ ᠰᠢᠯᠭᠠᠷᠠᠭᠤᠯᠣᠯᠲᠠ ᠳᠤ ᠬᠢᠷᠢ ᠲᠡᠩᠴᠡᠪᠡ᠃ | ᠪᠦᠬᠦ ᠬᠤᠰᠢᠭᠤᠨ ᠤ ᠬᠤᠲᠠ ᠪᠠᠯᠭᠠᠰᠤᠵᠢᠯᠲᠠ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ | ᠤᠰᠤ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ᠂ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ ᠲᠣᠰ ᠪᠦᠷᠢ | 50%᠂ 23% ᠪᠠ ᠬᠤᠶᠠᠷ 100% ᠳᠤ ᠬᠥᠷᠪᠡ᠃ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢᠯᠡᠳᠳᠡ ᠦᠷ᠎ᠡ ᠪᠦᠲᠦᠮᠵᠢ ᠤᠯᠵᠤ᠂ 5400 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠣᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ 24 ᠶᠢ | ᠬᠡᠷᠡᠭᠵᠢᠬᠦᠯᠦᠨ᠂ 85% ᠠᠴᠠ ᠳᠡᠭᠡᠭᠰᠢᠬᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ 20 | ᠲᠦᠮᠡᠨ ᠲᠥᠭᠦᠷᠢᠭ ᠢ ᠳᠠᠪᠠᠪᠠ᠃ 2200 ᠭᠠᠷᠤᠢ ᠲᠦᠮᠡᠨ ᠲᠥᠭᠦᠷᠢᠭ ᠤᠨ ᠪᠡᠯᠡ ᠤᠷᠤᠭᠤᠯᠤᠨ᠂ ᠮᠠᠯᠵᠢᠬᠤ | ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ 9 ᠶᠢ ᠬᠡᠷᠡᠭᠵᠢᠭᠦᠯᠵᠦ᠂ ᠡᠪᠡᠰᠦ ᠪᠣᠷᠳᠤᠭ᠎ᠠ ᠶᠢ | ᠡᠳ᠋ᠰᠢᠬᠦᠯᠦᠨ ᠨᠦᠭᠡᠴᠡᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠮᠨᠡᠬᠦ᠂ ᠮᠠᠯᠵᠢᠬᠤ ᠣᠷᠣᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠰᠠᠭᠤᠷᠢ | ᠲᠦᠬᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠭᠡᠪᠡ᠃ 8900 ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠵᠤ᠂ 76 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ᠂ | 48 ᠺᠢᠯᠣᠮᠧᠲᠷ ᠵᠠᠮ ᠢ ᠠᠷᠠᠴᠢᠯᠠᠨ ᠬᠠᠮᠠᠭᠠᠯᠠᠬᠤ ᠡᠭᠦᠷᠭᠡ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠴᠠᠬᠢᠯᠭᠠᠨ | ᠲᠣᠣᠷ ᠤᠨ ᠪᠦᠲᠦᠭᠡᠨ ᠪᠠᠶᠢᠭᠤᠯᠣᠯᠲᠠ ᠶᠢ ᠲᠡᠬᠦᠯᠳᠡᠷᠵᠢᠬᠦᠯᠵᠤ᠂ 10 ᠺᠢᠯᠣᠸᠠᠲ ᠵᠢᠴᠢ ᠲᠡᠬᠦᠨ ᠠᠴᠠ ᠳᠣᠷᠣᠭᠰᠢᠬᠢ | ᠢᠨᠵᠧᠨᠧᠷᠢᠩ ᠢ 295 ᠺᠢᠯᠣᠮᠧᠲᠷ ᠪᠠᠬᠢᠵᠢᠭᠦᠯᠦᠨ᠂ ᠬᠢᠯᠢ ᠬᠢᠵᠠᠭᠠᠷ ᠤᠷᠤᠨ ᠤ 292 ᠮᠠᠯᠵᠢᠬᠤ ᠡᠷᠦᠬᠡ ᠳᠤ | ᠴᠠᠬᠢᠯᠭᠠᠨ ᠨᠡᠪᠲᠡᠷᠡᠭᠦᠯᠪᠡ᠃ ᠮᠠᠯᠵᠢᠬᠤ ᠣᠷᠣᠨ ᠳᠤ ᠴᠢᠮᠡᠭᠡ ᠬᠤᠯᠪᠤᠭ᠎ᠠ ᠨᠡᠪᠲᠡᠷᠡᠭᠦᠯᠭᠦ ᠠᠵᠢᠯ ᠢ ᠲᠦᠷᠭᠡᠳᠬᠡᠨ᠂ | 230 ᠡᠷᠦᠬᠡ ᠳᠤ ᠰᠦᠯᠵᠢᠶ᠎ᠡ ᠬᠤᠯᠪᠤᠭ᠎ᠠ ᠶᠢ ᠰᠢᠨ᠎ᠡ ᠪᠠᠷ ᠨᠡᠪᠲᠡᠷᠡᠬᠦᠯᠪᠡ᠃ 224 ᠠᠮᠠᠰᠠᠷ ᠬᠤᠳᠳᠤᠭ᠂ 179 | ᠤᠰᠥ ᠬᠠᠳᠠᠭᠠᠯᠠᠬᠤ ᠵᠣᠭᠤᠷᠢ᠂ 1 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ ᠮᠠᠯᠵᠢᠬᠤ | ᠣᠷᠣᠨ ᠤ ᠣᠰᠣᠨ ᠤ ᠬᠠᠩᠭᠠᠯᠲᠠ ᠶᠢ ᠪᠠᠲᠤᠯᠠᠪᠠ᠃ | ︵ᠳᠥᠷᠪᠡ︶ ᠠᠷᠠᠳ ᠤᠨ ᠠᠮᠢᠳᠤᠷᠠᠯ ᠳᠤ ᠬᠦᠴᠦᠲᠡᠢ ᠪᠠᠲᠤᠯᠠᠭ᠎ᠠ ᠬᠠᠩᠭᠠᠪᠠ᠃ ᠨᠡᠶᠢᠬᠡᠮ ᠤᠨ ᠠᠷᠠᠳ | ᠤᠨ ᠠᠮᠢᠳᠤᠷᠠᠯ ᠳᠠᠬᠢ ᠪᠡᠯᠡ ᠤᠷᠤᠭᠤᠯᠤᠯᠲᠠ ᠪᠠᠨ ᠲᠠᠰᠤᠷᠠᠯᠲᠠ ᠦᠬᠡᠢ ᠨᠡᠮᠡᠭᠳᠡᠬᠦᠯᠵᠤ᠂ ᠠᠷᠠᠳ ᠤᠨ ᠠᠮᠢᠳᠤᠷᠠᠯ | ᠤᠨ ᠣᠷᠣᠭᠤᠯᠤᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠵᠢᠯ ᠳᠤ ᠣᠷᠣᠨ ᠨᠤᠲᠤᠭ ᠤᠨ ᠡᠳ᠋ ᠤᠨ | ᠵᠠᠰᠠᠭ ᠠᠴᠠ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠲᠤ ᠬᠡᠷᠡᠭᠯᠡᠭᠰᠡᠨ ᠣᠷᠣᠭᠤᠯᠤᠯᠲᠠ 10.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.8 % ᠪᠠᠷ ᠨᠡᠮᠡᠭᠳᠡᠵᠦ᠂ | ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 56% ᠶᠢ ᠡᠵᠡᠯᠡᠪᠡ᠃ 3500 ᠭᠠᠷᠤᠢ ᠲᠦᠮᠡᠨ ᠲᠥᠭᠦᠷᠢᠭ | ᠣᠷᠣᠭᠤᠯᠵᠤ᠂ 4 ᠬᠤᠰᠢᠭᠤ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ 8 | ᠰᠤᠮᠤ ᠪᠠᠯᠭᠠᠰᠤᠨ ᠤ ᠲᠠᠰ ᠤᠨ ᠲᠥᠷᠥᠯ ᠵᠦᠢᠯ ᠢ ᠬᠡᠷᠡᠭᠵᠢᠭᠦᠯᠵᠦ᠂ ᠭᠠᠮᠰᠢᠭᠲᠤ ᠴᠠᠭ ᠠᠭᠤᠷ ᠤᠨ ᠬᠤᠨᠢᠨ ᠤ | ᠳᠠᠭᠠᠳᠬᠠᠯ᠂ ᠰᠤᠮᠤ ᠪᠠᠯᠭᠠᠰᠤᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠲᠣᠨᠤᠭ ᠲᠥᠬᠦᠭᠡᠷᠦᠮᠵᠢ | ᠶᠢ ᠢᠵᠢ ᠪᠦᠷᠢᠳᠦᠭᠦᠯᠬᠦ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠪᠠ᠃ ᠠᠵᠢᠯ ᠣᠯᠭᠤᠵᠤ ᠦᠢᠯᠡᠰ ᠪᠤᠰᠬᠠᠬᠠᠤ ᠠᠵᠢᠯ ᠢ ᠲᠣᠭᠲᠠᠭᠤᠨ ᠢᠶᠠᠷ ᠠᠬᠢᠭᠤᠯᠪᠠ᠃ ᠪᠦᠬᠦ | ᠬᠤᠰᠢᠭᠤᠨ ᠤ 551 ᠬᠥᠮᠥᠨ ᠳᠤ ᠠᠵᠢᠯ ᠤᠨ ᠪᠠᠶᠢᠷᠢ ᠬᠠᠩᠭᠠᠵᠤ᠂ 95 ᠤᠶᠤᠳᠠᠨ ᠳᠤ ᠠᠵᠢᠯ ᠤᠯᠭᠤᠵᠤ᠂ | 340 ᠲᠦᠮᠡᠨ ᠲᠥᠭᠦᠷᠢᠭ ᠤᠨ ᠦᠢᠯᠡᠰ ᠪᠤᠰᠬᠠᠬᠤ ᠵᠢᠭᠡᠯᠡᠯᠭᠡ ᠬᠠᠩᠭᠠᠵᠤ᠂ ᠠᠵᠢᠯ ᠤᠯᠭᠤᠯᠲᠠ ᠶᠢᠨ ᠠᠵᠢᠯ ᠤᠨ | 6 ᠲᠦᠷᠦᠯ ᠤᠨ ᠵᠢᠭᠠᠯᠲᠠ ᠲᠤᠭ᠎ᠠ ᠪᠦᠬᠦ ᠠᠶᠢᠮᠠᠭ ᠤᠨ ᠲᠡᠷᠢᠬᠦᠨ ᠡᠩᠨᠡᠬᠡᠨ ᠳᠤ ᠤᠷᠤᠪᠠ᠃ ᠦᠢᠯᠡᠰ ᠪᠤᠰᠬᠠᠬᠤ | ᠦᠢᠯᠡᠴᠢᠯᠡᠬᠡᠨ ᠤ ᠬᠦᠷᠢᠶᠡᠯᠡᠩ ᠨᠢ ᠣᠷᠣᠨ ᠤ ᠲᠠᠰ ᠤᠨ ᠵᠢᠱᠢᠶᠡᠴᠢ ᠦᠢᠯᠡᠰ ᠪᠤᠰᠬᠠᠬᠤ ᠦᠢᠯᠡᠴᠢᠯᠡᠬᠡᠨ ᠤ | ᠬᠦᠷᠢᠶᠡᠯᠡᠩ ᠪᠠ ᠪᠠᠲᠤᠯᠭᠠᠲᠤ ᠬᠡᠷᠡᠭᠯᠡᠭᠡᠨ ᠤ ᠵᠢᠱᠢᠶᠡᠴᠢ ᠵᠡᠭᠡᠯᠢ ᠲᠣᠭᠤᠷᠢᠭ ᠢᠶᠠᠷ ᠦᠨᠡᠯᠡᠭᠳᠡᠪᠡ᠃ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ ᠶᠢ ᠰᠢᠨ᠎ᠡ ᠠᠰᠠᠷ | ᠲᠤ ᠨᠡᠬᠦᠯᠬᠡᠵᠤ᠂ ᠦᠨᠳᠦᠰᠦᠲᠡᠨ ᠤ ᠬᠡᠯᠡ ᠪᠠ ᠨᠡᠶᠢᠳᠡᠮ ᠬᠡᠷᠡᠭᠯᠡᠬᠦ ᠬᠡᠯᠡᠨ ᠤ ᠬᠠᠮᠲᠤᠷᠠᠭᠰᠠᠨ ᠰᠤᠷᠭᠠᠭᠤᠯᠢ ᠶᠢ | ᠡᠷᠬᠢᠯᠡᠪᠡ᠃ 3 ᠬᠡᠦᠬᠡᠳ ᠤᠨ ᠴᠡᠴᠡᠷᠯᠢᠭ ᠪᠠ 1 ᠲᠤᠮᠳᠠᠳᠤ ᠰᠤᠷᠭᠠᠭᠤᠯᠢ ᠶᠢ ᠦᠭᠡᠷᠡᠴᠢᠯᠡᠨ ᠰᠢᠨᠡᠳᠭᠡᠵᠤ᠂ 25 | ᠨᠡᠷ᠎ᠡ ᠪᠠᠭᠰᠢ ᠶᠢ ᠰᠢᠨ᠎ᠡ ᠪᠠᠷ ᠡᠯᠰᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠦᠬᠡᠮᠡᠯᠵᠡᠨ | ᠬᠠᠷᠠᠭᠠᠯᠵᠠᠬᠤ ᠠᠵᠢᠯ ᠤᠨ ᠬᠢᠨᠠᠯᠲᠠ ᠳᠤ ᠬᠢᠷᠢ ᠲᠡᠩᠴᠡᠪᠡ᠃ ᠪᠦᠬᠦ ᠠᠶᠢᠮᠠᠭ ᠲᠤ ᠴᠡᠴᠡᠷᠯᠢᠭ ᠤᠨ ᠪᠠᠭᠰᠢ ᠶᠢᠨ ︽ | ᠠᠳᠠᠯᠢ ᠠᠵᠢᠯ ᠤᠨ ᠪᠠᠶᠢᠷᠢᠨ ᠳᠠᠬᠢ ᠠᠳᠠᠯᠢ ᠴᠠᠯᠢᠩ ᠬᠥᠯᠥᠰᠦ ᠣᠯᠭᠤᠬᠤ︾ ᠶᠢ ᠡᠩ ᠲᠡᠷᠢᠭᠦᠨ ᠳᠤ ᠪᠡᠶᠡᠯᠡᠬᠦᠯᠪᠡ᠃ | ᠡᠮᠴᠢᠯᠡᠭᠡ ᠡᠷᠡᠭᠦᠯ ᠬᠠᠮᠠᠭᠠᠯᠠᠯ ᠤᠨ ᠨᠦᠬᠦᠴᠡᠯ ᠢᠯᠡᠳᠲᠡ ᠰᠠᠶᠢᠵᠢᠷᠠᠪᠠ᠃ ᠠᠶᠢᠮᠠᠭ ᠤᠨ ᠲᠥᠪ ᠡᠮᠨᠡᠯᠭᠡ ᠶᠢᠨ | ᠬᠤᠷᠢᠶ᠎ᠠ ᠲᠠᠢ ᠬᠠᠮᠳᠣᠷᠠᠭᠰᠠᠨ ᠡᠮᠴᠢᠯᠡᠬᠡᠨ ᠤ ᠬᠤᠯᠪᠣᠭᠠᠲᠤ ᠴᠣᠭᠴᠠ ᠶᠢ ᠪᠠᠶᠢᠭᠤᠯᠪᠠ᠃ ᠬᠤᠰᠢᠭᠤ ᠠᠷᠠᠳ ᠤᠨ | ᠡᠮᠨᠡᠯᠭᠡ ᠶᠢᠨ ᠬᠤᠷᠢᠶ᠎ᠠ ᠪᠤᠯᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠷᠢᠶᠠᠨ ᠤ ᠳᠡᠰ | ᠲᠣᠭᠲᠠᠭᠠᠬᠤ ᠰᠢᠯᠭᠠᠷᠠᠭᠤᠯᠤᠯᠲᠠ ᠳᠤ ᠭᠢᠷᠢ ᠲᠡᠩᠴᠡᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ | ᠡᠭᠦᠳᠡᠨ ᠡᠮᠨᠡᠯᠭᠡ ᠶᠢᠨ ᠠᠰᠠᠷ ᠤᠨ ᠡᠮᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯᠵᠢᠯ | ᠤᠨ ᠲᠥᠪ ᠢ ᠦᠬᠡᠷᠡᠴᠢᠯᠡᠨ ᠪᠠᠶᠢᠭᠤᠯᠵᠤ᠂ 2 ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠬᠤᠷᠢᠶ᠎ᠠ ᠨᠢ | ᠠᠰᠢᠭᠯᠠᠯᠲᠠ ᠳᠤ ᠤᠷᠤᠪᠠ᠃ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ ᠪᠠ ᠭᠤᠣᠯᠳᠠᠯᠭ᠎ᠠ ᠲᠠᠢ | ᠡᠳᠡᠭᠡᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠤᠷᠮ᠎ᠠ᠂ ︽ᠬᠤᠶᠠᠷ ᠥᠮᠡᠨ︾ ᠢ ᠰᠢᠭᠰᠢᠨ | ᠪᠠᠶᠢᠴᠠᠭᠠᠬᠤ ᠨᠤᠷᠮ᠎ᠠ ᠪᠠ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠪᠡᠶ᠎ᠡ ᠶᠢᠨ ᠪᠠᠶᠢᠴᠠᠭᠠᠯᠲᠠ ᠶᠢ | ᠪᠡᠶᠡᠯᠡᠭᠦᠯᠦᠭᠰᠡᠨ ᠨᠣᠷᠮ᠎ᠠ ᠴᠥᠮ ᠪᠥᠬᠦ ᠠᠶᠢᠮᠠᠭ ᠤᠨ ᠲᠡᠷᠢᠭᠦᠨ ᠡᠩᠨᠡᠭᠡᠨ ᠳᠤ ᠣᠷᠣᠪᠠ᠃ ᠨᠡᠶᠢᠭᠡᠮ ᠤᠨ ᠪᠠᠲᠤᠯᠠᠭ᠎ᠠ | ᠶᠢᠨ ᠬᠢᠷᠢ ᠬᠡᠮᠵᠢᠶ᠎ᠡ ᠶᠢ ᠮᠡᠳᠡᠭᠳᠡᠬᠦᠶᠢᠴᠡ ᠳᠡᠭᠡᠭᠰᠢᠯᠡᠬᠦᠯᠪᠡ᠂ ᠨᠠᠰᠤᠵᠢᠯ ᠤᠨ ᠲᠠᠭᠠᠳᠬᠠᠯ ᠪᠠ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ ᠲᠤᠰ ᠪᠦᠷᠢ 78% ᠪᠠ 98% ᠳᠤ ᠬᠦᠷᠭᠡᠵᠦ᠂ ᠬᠤᠳᠠ ᠬᠥᠳᠡᠭᠡ | ᠶᠢᠨ ᠲᠤᠤᠷ᠎ᠠ ᠪᠠᠲᠤᠯᠠᠭ᠎ᠠ᠂ ᠥᠨᠥᠴᠢᠨ ᠬᠡᠦᠬᠡᠳ ᠤᠨ ᠬᠠᠷᠠᠭᠠᠯᠵᠠᠯᠠᠯ ᠤᠨ ᠪᠠᠷᠢᠮᠵᠢᠶ᠎ᠠ ᠶᠢ ᠲᠤᠰ ᠪᠦᠷᠢ 3.7% ᠪᠠ | 12% ᠢᠶᠠᠷ ᠳᠡᠭᠡᠭᠰᠢᠯᠡᠭᠦᠯᠪᠡ᠃ ᠮᠠᠨᠳᠠᠯᠳᠤ ᠪᠠᠯᠭᠠᠰᠤᠨ ᠤ ᠪᠠᠶᠠᠨᠬᠠᠩᠭᠠᠢ ᠭᠠᠴᠠᠭ᠎ᠠ ᠪᠣᠯᠣᠨ ᠲᠡᠯᠡᠶ ᠰᠤᠮᠤ ᠶᠢᠨ | ᠪᠠᠶᠠᠨᠪᠤᠯᠠᠭ ᠭᠠᠴᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠᠷ ᠪᠥᠬᠦ ᠮᠠᠯᠴᠢᠳ ᠤᠨ | ᠨᠠᠰᠤᠵᠢᠯ ᠤᠨ ᠳᠠᠭᠠᠳᠬᠠᠯ ᠢ ᠨᠦᠬᠦᠪᠦᠷᠢᠯᠡᠨ ᠲᠤᠰᠢᠶᠠᠬᠤ ᠶᠢ ᠡᠩ ᠲᠡᠷᠢᠭᠦᠨ ᠳᠤ ᠪᠡᠶᠡᠯᠡᠭᠦᠯᠪᠡ᠃ ᠰᠣᠶᠣᠯ ᠤᠨ | ᠦᠢᠯᠡᠴᠢᠯᠡᠭᠡᠨ ᠤ ᠠᠭᠤᠯᠭ᠎ᠠ ᠶᠢ ᠨᠠᠩ ᠪᠠᠶᠠᠯᠢᠭᠵᠢᠭᠤᠯᠪᠠ᠃ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠢ | ᠰᠣᠶᠣᠯ ᠤᠨ ᠠᠵᠢᠯᠯᠠᠭ᠎ᠠ ᠶᠢ 50 ᠲᠠᠯᠠᠪᠤᠷ ᠡᠷᠭᠢᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ ᠲᠣᠭᠯᠠᠯᠲᠠ ᠶᠢ | 97 ᠲᠠᠯᠠᠪᠤᠷ ᠥᠷᠨᠢᠭᠦᠯᠵᠦ᠂ ︽ᠤᠯᠠᠭᠠᠨᠮᠥ᠋ᠴᠢᠷ ᠤᠨ ᠬᠢᠯᠢ ᠶᠢᠨ ᠪᠣᠭᠤᠮᠲᠠ ᠪᠠᠷ ᠶᠠᠪᠤᠭᠰᠠᠨ ᠨᠢ︾ ᠵᠡᠷᠭᠡ 3 | ᠰᠣᠳᠣᠨ ᠤᠷᠠᠨ ᠰᠠᠶᠢᠬᠠᠨ ᠤ ᠪᠦᠲᠦᠭᠡᠯ ᠢ ᠡᠭᠦᠳᠦᠨ ᠪᠦᠲᠦᠭᠡᠪᠡ᠃ ᠪᠣᠳᠠᠰ ᠤᠨ ᠪᠤᠰᠤ ᠰᠣᠶᠣᠯ ᠤᠨ ᠥᠪ ᠤᠨ | ᠦᠵᠡᠭᠦᠯᠦᠯᠭᠡ ᠶᠢᠨ ᠲᠢᠩᠬᠢᠮ ᠢ ᠲᠡᠰ ᠳᠡᠪᠰᠢᠭᠦᠯᠦᠨ ᠦᠭᠡᠷᠡᠴᠢᠯᠡᠨ ᠪᠠᠶᠢᠭᠤᠯᠵᠤ᠂ ᠤᠯᠠᠨᠬᠤᠳᠳᠤᠭ ᠰᠦᠮ᠎ᠡ ᠨᠢ | ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ | ᠦᠨᠡᠯᠡᠭᠳᠡᠪᠡ᠃ ᠮᠠᠨ ᠤ ᠬᠤᠰᠢᠭᠤᠨ ᠤ ᠲᠠᠮᠢᠷᠴᠢᠨ ᠪᠥᠬᠦ ᠤᠯᠤᠰ ᠤᠨ ᠳᠤᠮᠳᠠᠳᠤ ᠮᠠᠶ᠋ᠢᠭ ᠤᠨ ᠪᠥᠬᠡ ᠶᠢᠨ ᠮᠠᠩᠯᠠᠢ | ᠰᠢᠯᠭᠠᠷᠠᠭᠤᠯᠬᠤ ᠤᠷᠤᠯᠳᠤᠭᠠᠨ ᠳᠤ ᠮᠠᠩᠯᠠᠶᠢᠯᠠᠪᠠ᠃ | ︵ᠲᠠᠪᠤ︶ ᠨᠡᠶᠢᠭᠡᠮ ᠤᠨ ᠵᠠᠰᠠᠯᠲᠠ ᠤᠨ ᠠᠵᠢᠯ ᠢ ᠨᠡᠩ ᠵᠢᠷᠤᠮᠵᠢᠭᠤᠯᠪᠠ᠃ ᠦᠨᠳᠦᠰᠦᠲᠡᠨ ᠤ ᠪᠦᠯᠬᠦᠮᠳᠡᠯ | ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠪᠠᠶᠢᠭᠤᠯᠤᠯᠲᠠ ᠶᠢᠨ ᠠᠵᠢᠯ ᠤᠨ ᠰᠤᠯᠢᠯᠴᠠᠨ ᠰᠣᠷᠣᠯᠴᠠᠬᠤ ᠠᠬᠤᠢ ᠲᠠᠯᠠᠪᠤᠷ ᠤᠨ ᠬᠤᠷᠠᠯ ᠢ ᠠᠮᠵᠢᠯᠲᠠ ᠲᠠᠢ | ᠡᠷᠭᠢᠯᠡᠵᠦ᠂ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠦᠵᠡᠬᠦᠯᠬᠡ ᠶᠢᠨ | ᠣᠷᠳᠣᠨ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠮᠠᠨᠳᠠᠯᠳᠣ ᠪᠠᠯᠭᠠᠰᠤ ᠨᠢ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠡ ᠪᠠᠷ ᠨᠡᠷᠡᠶᠢᠳᠦᠭᠳᠡᠵᠦ᠂ ︽ᠤᠯᠤᠰ ᠤᠨ | ᠬᠡᠤᠬᠡᠳ︾ ᠤᠨ ᠦᠵᠡᠬᠦᠯᠦᠬᠡ ᠶᠢᠨ ᠲᠠᠩᠭᠢᠮ ᠨᠢ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ | ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ ᠠᠮᠣᠷ ᠠᠮᠤᠭᠤᠯᠠᠩ ᠤᠨ ᠪᠠᠶᠢᠭᠤᠯᠣᠯᠲᠠ | ᠶᠢᠨ ᠠᠵᠢᠯ ᠤᠨ ᠪᠦᠲᠦᠮᠵᠢ ᠢᠯᠡᠳᠲᠡ ᠳᠡᠭᠡᠭᠰᠢᠯᠡᠵᠤ᠂ ᠡᠯ᠎ᠡ ᠲᠦᠷᠦᠯ ᠤᠨ ᠤᠯᠠᠨᠲᠠ ᠡᠭᠦᠰᠬᠦ ᠴᠢᠨᠠᠷᠲᠠᠢ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠮᠡᠭᠡ ᠬᠤᠯᠪᠣᠭ᠎ᠠ ᠪᠠᠷ ᠮᠡᠬᠡᠯᠡᠬᠦ ᠬᠡᠷᠡᠭ ᠡᠭᠦᠰᠬᠦ ᠨᠤᠷᠮ᠎ᠠ ᠶᠢ | 29% ᠪᠠᠷ ᠪᠠᠭᠤᠷᠠᠭᠤᠯᠵᠤ᠂ ᠵᠠᠮ ᠬᠠᠷᠢᠯᠴᠠᠭᠠᠨ ᠤ ᠡ᠊ᠨᠳᠡᠯ ᠪᠠ ᠠᠵᠤ ᠠᠬᠤᠢ ᠶᠢᠨ ᠰᠢᠭᠤᠳ ᠬᠤᠬᠢᠷᠠᠯ ᠲᠤᠰ | ᠪᠦᠷᠢ ᠢᠯᠡᠳᠳᠡ ᠲᠤᠷᠤᠭᠰᠢᠯᠠᠪᠠ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠯᠲᠠ ᠶᠢᠨ ︽ᠬᠤᠣᠰ | ᠪᠠᠭᠤᠷᠠᠯᠲᠠ︾ ᠶᠢ ᠪᠡᠶᠡᠯᠡᠭᠦᠯᠵᠦ᠂ ᠪᠦᠬᠦ ᠵᠢᠯ ᠳᠤ ︽ᠠᠮᠢᠨ ᠬᠡᠷᠡᠭ︾ ᠭᠠᠷᠤᠭᠰᠠᠨ ᠦᠭᠡᠢ᠃ ᠨᠠᠮ ᠵᠠᠰᠠᠭ ᠴᠡᠷᠢᠭ | ᠴᠠᠭᠳᠠᠭ᠎ᠠ ᠠᠷᠠᠳ ᠬᠠᠮᠳᠣᠷᠠᠯᠴᠠᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠣ᠂ ᠡᠬᠡ ᠤᠯᠤᠰ ᠤᠨ ᠤᠮᠠᠷᠠᠲᠤ ᠬᠢᠯᠢ | ᠶᠢᠨ ᠠᠮᠣᠷ ᠲᠣᠭᠳᠠᠭᠤᠨ ᠤ ᠬᠠᠯᠬᠠᠪᠴᠢ ᠶᠢ ᠨᠡᠩ ᠪᠠᠲᠦ ᠪᠠᠬᠢ ᠪᠤᠯᠭᠠᠪᠠ᠃ ᠠᠶᠣᠯᠭᠦᠢ ᠦᠢᠯᠡᠳᠪᠦᠷᠢᠯᠡᠯ ᠤᠨ | ᠲᠤᠭᠲᠠᠭᠤᠨ ᠪᠠᠶᠢᠳᠠᠯ ᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ | ᠪᠣᠯᠣᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠬᠤᠰᠢᠭᠤᠨ | ᠤ ᠠᠶᠦᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠰᠣᠷᠢᠯᠲᠠ ᠶᠢ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠮᠡᠷᠭᠡᠵᠢᠯᠲᠡᠨ ᠢ ᠡᠯᠰᠡᠵᠤ᠂ ᠭᠤᠤᠯᠳᠠᠯᠭᠠᠲᠤ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ | ᠬᠢᠨᠠᠨ ᠲᠤᠭᠲᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠳᠠᠯᠳᠠ ᠬᠡᠮ ᠰᠤᠭᠤᠭ ᠢ ᠪᠠᠶᠢᠴᠠᠭᠠᠨ | ᠰᠢᠢᠳᠪᠤᠷᠢᠯᠡᠵᠤ᠂ ᠪᠥᠬᠦ ᠵᠢᠯ ᠳᠤ ᠣᠨᠴᠠ ᠶᠡᠭᠡ ᠠᠶᠤᠯᠬᠦᠢ ᠦᠢᠯᠡᠳᠪᠤᠷᠢᠯᠡᠯ ᠤᠨ ᠠᠳᠡᠯ ᠭᠠᠷᠤᠭᠰᠠᠨ ᠦᠭᠡᠢ᠃ | ᠢᠳᠡᠭᠡᠨ ᠣᠮᠳᠠᠭᠠᠨ ᠡᠮ ᠤᠨ ᠵᠦᠢᠯᠡᠰ᠂ ᠣᠯᠠᠨ ᠨᠠᠶᠢᠲᠠ ᠶᠢᠨ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ | ᠪᠠᠶᠢᠭᠠᠯᠢ ᠶᠢᠨ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷ᠎ᠠ ᠳᠠᠬᠢ ᠠᠶᠣᠯᠭᠦᠢ ᠦᠢᠯᠡᠳᠪᠦᠷᠢᠯᠡᠯ ᠤᠨ | ᠪᠠᠶᠢᠳᠠᠯ ᠤᠨ ᠲᠤᠭᠲᠠᠭᠤᠨ ᠢ ᠪᠠᠲᠤᠯᠠᠪᠠ᠃ | ︵ᠵᠢᠷᠭᠤᠭ᠎ᠠ︶ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠪᠥᠬᠦ ᠲᠠᠯ᠎ᠠ ᠪᠠᠷ ᠰᠢᠯᠢᠳᠡᠭᠵᠢᠬᠦᠯᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠦᠬᠦ | ᠵᠢᠯ ᠳᠤ ᠨᠡᠶᠢᠳᠡ 247 ᠴᠢᠬᠤᠯᠠ ᠶᠡᠭᠡ ᠵᠦᠢᠯᠡᠰ ᠢ ᠬᠠᠮᠲᠤ ᠪᠠᠷ ᠰᠣᠳᠣᠯᠣᠨ ᠶᠠᠷᠢᠯᠴᠠᠨ᠂ ᠬᠠᠤᠯᠢ ᠶᠣᠰᠣᠭᠠᠷ᠂ | ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠪᠠ᠃ | ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠤᠷᠠᠯᠳᠣᠭᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠠ ᠨᠡᠶᠢᠭᠡᠮ ᠤᠨ ᠶᠠᠷᠢᠶ᠎ᠠ | ᠬᠡᠯᠡᠯᠴᠡᠭᠡ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠬᠦᠯᠢᠶᠡᠵᠦ᠂ 115 ᠬᠤᠪᠢ ᠠᠷᠠᠳ ᠤᠨ ᠲᠥᠯᠥᠭᠡᠯᠡᠭᠴᠢᠳ ᠤᠨ | ᠰᠠᠨᠠᠯ ᠰᠠᠨᠠᠭᠤᠯᠭ᠎ᠠ᠂ 87 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | ᠴᠢᠨᠠᠷ ᠰᠠᠶᠢᠲᠠᠢ ᠰᠢᠢᠳᠪᠦᠷᠢᠯᠡᠪᠡ᠃ ᠪᠦᠬᠦ ᠵᠢᠯ ᠳᠤ ᠬᠠᠤᠯᠢ ᠶᠢ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ 77 | ᠤᠳᠠᠭ᠎ᠠ ᠥᠷᠨᠢᠭᠦᠯᠵᠦ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 16 | ᠬᠤᠪᠢ ᠰᠢᠢᠳᠪᠦᠷᠢᠯᠡᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠲᠡᠷᠭᠡ ᠬᠥᠰᠬᠡ᠂ ᠳᠦᠷᠢᠮᠲᠦ | ᠬᠤᠪᠴᠠᠰᠤ ᠪᠠ ᠲᠣᠨᠣᠭᠯᠠᠯ ᠵᠡᠷᠭᠡ ᠶᠢ ᠪᠦᠲᠦᠮᠵᠢᠲᠡᠶ ᠪᠠᠲᠤᠯᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ | ᠭᠦᠢᠴᠡᠳᠭᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ 9 ᠬᠤᠪᠢ ᠵᠠᠬᠢᠳᠠᠯ ᠰᠣᠷᠪᠤᠯᠵᠢᠯᠠᠭ᠎ᠠ ᠶᠢᠨ | ᠦᠯᠡᠳᠡᠭᠳᠡᠯ ᠬᠡᠷᠡᠭ ᠢ ᠪᠦᠬᠦᠨ ᠢ ᠰᠢᠢᠳᠪᠦᠷᠢᠯᠡᠵᠦ᠂ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠭᠰᠡᠨ | ᠨᠣᠷᠮ᠎ᠠ ᠪᠠ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠴᠥᠮ ᠪᠥᠬᠦ ᠠᠶᠢᠮᠠᠭ ᠤᠨ ᠡᠮᠦᠨ᠎ᠡ | ᠡᠩᠨᠡᠭᠡᠨ ᠳᠤ ᠣᠷᠣᠪᠠ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢ | ᠵᠢᠷᠣᠮᠵᠢᠭᠤᠯᠪᠠ᠃ ᠰᠢᠨ᠎ᠡ ᠭᠠᠶᠢᠯᠢ ᠶᠢᠨ ᠢᠷᠡᠯᠲᠡ ᠶᠢ ᠪᠣᠶᠢᠵᠢᠭᠤᠯᠬᠤ ᠶᠢ ᠴᠢᠩᠭᠠᠳᠬᠠᠵᠤ᠂ ︽ᠭᠤᠷᠪᠠ ᠶᠢ | ᠪᠠᠲᠤᠯᠠᠬᠤ︾ ᠠᠵᠤ ᠠᠬᠤᠢ ᠪᠤᠯᠤᠨ ᠨᠡᠶᠢᠭᠡᠮ ᠤᠨ ᠬᠥᠭᠵᠢᠯᠲᠡ ᠵᠡᠷᠭᠡ ᠡᠯ᠎ᠡ ᠲᠠᠯ᠎ᠠ ᠶᠢᠨ ᠬᠡᠷᠡᠭᠯᠡᠭᠡ ᠳᠤ ᠪᠠᠲᠤᠯᠠᠭ᠎ᠠ | ᠬᠠᠩᠭᠠᠬᠤ ᠶᠢᠨ ᠬᠠᠮᠲᠤ᠂ ᠠᠯᠪᠠᠨ ᠠᠮᠠᠷᠠᠯᠲᠠ ᠶᠢᠨ ᠨᠦᠬᠦᠪᠦᠷᠢ ᠶᠢ ᠪᠦᠬᠦ ᠲᠠᠯ᠎ᠠ ᠪᠠᠷ ᠲᠣᠣᠱᠯᠠᠭᠤᠯᠵᠣ᠂ ᠬᠤᠰᠢᠭᠤ | ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢᠨ ᠲᠥᠰᠥᠪ ᠤᠨ ᠦᠷ᠎ᠡ ᠪᠦᠲᠦᠮᠵᠢ ︽ᠪᠦᠬᠦᠨ ᠢ ᠬᠠᠮᠤᠷᠬᠤ︾ | ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠳᠠᠯᠳᠠ ᠦᠭᠴᠡᠭᠡᠨ ᠤ ︽ᠪᠦᠬᠦᠨ ᠢ ᠲᠦᠯᠦᠬᠦ︾ | ᠲᠤᠷᠰᠢᠯᠲᠠ ᠶᠢᠨ ᠴᠡᠭ ᠤᠨ ᠱᠠᠭᠠᠷᠳᠠᠯᠭ᠎ᠠ ᠶᠤᠰᠤᠭᠠᠷ᠂ ᠪᠦᠬᠦ ᠵᠢᠯ ᠳᠤ 4.7 ᠳ᠋ᠦᠩᠰᠢᠭᠤᠷ ᠲᠦᠭᠦᠷᠢᠭ ᠤᠨ ᠳᠠᠯᠳᠠ | ᠥᠭᠴᠡᠭᠡ ᠶᠢ ᠲᠦᠯᠦᠨ ᠳᠠᠭᠤᠰᠬᠠᠵᠤ᠂ ᠠᠵᠢᠯ ᠤᠨ ᠡᠭᠦᠷᠭᠡ ᠪᠠᠨ ᠢᠯᠭᠤᠮ ᠣᠷᠣᠭᠰᠢᠲᠠᠢ ᠪᠡᠶᠡᠯᠡᠭᠦᠯᠪᠡ᠃ ᠪᠠᠩᠬᠢ | ᠶᠢᠨ ᠵᠢᠭᠡᠯᠡᠯᠭᠡ ᠪᠠ ᠢᠷᠭᠡᠨ ᠤ ᠬᠤᠭᠤᠷᠣᠨᠳᠣᠬᠢ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠤᠨ ᠴᠡᠭᠴᠡᠯᠡᠬᠦ ᠶᠢ | ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠬᠠᠣᠯᠢ ᠪᠤᠰᠤ ᠵᠢᠭᠡᠯᠡᠯᠭᠡ ᠶᠢᠨ ᠲᠤᠭ᠎ᠠ᠂ ᠵᠢᠭᠡᠯᠡᠯᠭᠡ ᠶᠢᠨ ᠨᠣᠷᠮ᠎ᠠ ᠵᠢᠴᠢ | ᠮᠠᠯᠵᠢᠬᠤ ᠣᠷᠣᠨ ᠤ ᠵᠢᠭᠡᠯᠡᠯᠭᠡ ᠠᠪᠤᠭᠰᠠᠨ ᠡᠷᠦᠬᠡ ᠶᠢᠨ ᠲᠤᠭ᠎ᠠ᠂ ᠵᠤᠭᠤᠰᠤᠨ ᠤ ᠲᠤᠭ᠎ᠠ ᠴᠥᠮ ᠪᠠᠭᠤᠷᠠᠬᠤ | ᠬᠠᠨᠳᠤᠰᠢ ᠲᠠᠢ ᠪᠤᠯᠪᠠ᠃ ᠬᠡᠪ ᠰᠤᠷᠲᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠦᠵᠡᠯ ᠤᠬᠠᠮᠰᠠᠷ ᠤᠨ | ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠪᠠ᠃ 23 | ᠲᠥᠷᠥᠯ ᠵᠦᠢᠯ ᠳᠤ ᠬᠢᠨᠠᠨ ᠪᠤᠳᠤᠯᠲᠠ ᠬᠢᠵᠤ᠂ 35 ᠵᠣᠷᠪᠣᠰ ᠢᠯᠡᠷᠡᠭᠦᠯᠦᠭᠰᠡᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠪᠠ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ | ᠴᠡᠭᠴᠡᠯᠡᠨ ᠰᠠᠶᠢᠵᠢᠷᠠᠭᠤᠯᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠵᠡᠪᠰᠡᠭᠲᠦ ᠬᠦᠴᠦᠨ᠂ | ᠬᠤᠶᠠᠷ ᠢ ᠬᠦᠷᠢᠶᠡᠯᠡᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠠᠭᠠᠷ ᠰᠡᠷᠭᠡᠶᠢᠯᠡᠯᠲᠡ᠂ ᠭᠠᠯ | ᠤᠨᠲᠠᠷᠠᠭᠠᠬᠤ ᠵᠡᠷᠭᠡ ᠠᠵᠢᠯ ᠤᠳ ᠴᠥᠮ ᠳᠤᠪᠤᠶᠢᠮ᠎ᠠ ᠠᠮᠵᠢᠯᠲᠠ ᠣᠯᠵᠤ᠂ ᠭᠠᠳᠠᠭᠠᠳᠤ ᠶᠠᠪᠤᠳᠠᠯ᠂ ᠲᠤᠭ᠎ᠠ | ᠪᠦᠷᠢᠳᠬᠡᠯ ᠤᠨ ᠪᠠᠶᠢᠴᠠᠭᠠᠯᠲᠠ᠂ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠴᠠᠭ ᠠᠭᠤᠷ ᠭᠠᠵᠠᠷ ᠬᠥᠳᠡᠯᠦᠯᠲᠡ ᠵᠡᠷᠭᠡ | ᠠᠵᠢᠯ ᠦᠢᠯᠡᠰ ᠴᠥᠮ ᠰᠢᠨ᠎ᠡ ᠲᠠᠪᠰᠢᠯᠲᠠ ᠲᠠᠢ ᠪᠤᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠤᠨ ᠤᠯᠤᠭᠰᠠᠨ ᠠᠮᠵᠢᠯᠲᠠ ᠪᠦᠲᠦᠮᠵᠢ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ | ᠤ ᠰᠢᠨᠵᠢᠯᠡᠬᠦ ᠤᠬᠠᠭᠠᠨᠴᠢ ᠬᠥᠲᠥᠯᠥᠨ ᠳᠠᠭᠠᠭᠤᠯᠭ᠎ᠠ ᠳᠤᠤᠷ᠎ᠠ᠂ ᠳᠡᠭᠡᠳᠤ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠨᠠᠮ ᠤᠨ ᠬᠤᠷᠢᠶ᠎ᠠ ᠪᠦᠬᠦ ᠬᠤᠰᠢᠭᠤᠨ ᠤ | ᠦᠷᠬᠡᠨ ᠤᠯᠠᠨ ᠺᠠᠳ᠋ᠷ ᠠᠵᠢᠯᠲᠠᠨ ᠪᠤᠯᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠬᠦᠯᠦᠨ | ᠳᠠᠶᠢᠴᠢᠯᠠᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ︕ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠷᠠᠯᠳᠣᠭᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠦᠴᠦᠲᠠᠢ ᠬᠢᠨᠠᠯᠲᠠ ᠳᠡᠮᠵᠢᠯᠬᠡ ᠶᠢᠨ ᠦᠷ᠎ᠡ ᠳ᠋ᠦᠩ ᠮᠦᠨ᠂ ᠠᠳᠡ ᠪᠢ ᠬᠤᠰᠢᠭᠤ ᠠᠷᠠᠳ ᠤᠨ ᠵᠠᠰᠠᠭ ᠤᠨ | ᠣᠷᠳᠣᠨ ᠢ ᠲᠦᠯᠦᠭᠡᠯᠡᠨ ᠲᠠ ᠤᠯᠠᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ | ᠪᠢᠳᠡ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠠᠵᠣ ᠠᠬᠤᠢ ᠨᠡᠶᠢᠭᠡᠮ ᠤᠨ ᠬᠥᠭᠵᠢᠯᠲᠡ ᠳᠤ | ᠲᠤᠯᠭᠠᠷᠠᠵᠤ ᠪᠠᠶᠢᠬᠤ ᠬᠦᠴᠢᠷᠳᠡᠯ ᠪᠠ ᠦᠷᠢᠰᠦᠯᠳᠦᠭᠡᠨ ᠢ ᠰᠡᠷᠭᠡᠭ ᠢᠶᠠᠷ ᠲᠠᠨᠢᠬᠤ ᠬᠡᠷᠡᠭᠲᠡᠢ᠃ ᠨᠢᠭᠡ ᠳᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠲᠤ ᠪᠠᠬᠢ ᠪᠣᠰᠤ᠂ ᠠᠵᠤ ᠠᠬᠤᠢ ᠶᠢᠨ ᠶᠡᠷᠤᠩᠭᠡᠢ | ᠬᠡᠮᠵᠢᠶ᠎ᠡ ᠳᠤᠤᠷ᠎ᠠ᠂ ᠪᠦᠲᠦᠴᠡ ᠬᠠᠷᠢᠴᠠᠩᠭᠤᠢ ᠴᠤᠯᠭᠤᠢ᠂ ︽ᠨᠡᠭᠦᠷᠡᠰᠤ ᠪᠠᠷ ᠲᠤᠯᠭᠠᠭᠤᠷᠢᠯᠠᠭᠰᠠᠨ︾ ᠠᠵᠤ ᠠᠬᠤᠢ | ᠶᠢᠨ ᠪᠠᠶᠢᠳᠠᠯ ᠢ ᠬᠠᠷᠠᠬᠠᠨ ᠬᠤᠪᠢᠷᠠᠭᠤᠯᠵᠤ ᠴᠢᠳᠠᠭ᠎ᠠ ᠦᠬᠡᠢ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ | ᠲᠠᠯ᠎ᠠ ᠪᠠᠷ ᠬᠦᠷᠦᠯᠴᠡᠬᠦ ᠦᠬᠡᠢ᠂ ᠲᠦᠷᠦᠯ ᠵᠤᠶᠢᠯ ᠤᠨ ᠨᠦᠬᠡᠴᠡ ᠬᠦᠢᠴᠡᠳ ᠪᠤᠰᠤ᠂ ᠡᠳ᠋ ᠤᠨ ᠵᠠᠰᠠᠭ ᠤᠨ | ᠭᠦᠴᠦᠨ ᠪᠠᠭᠤᠷᠠᠢ᠃ ᠬᠤᠶᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢᠨ | ᠬᠦᠷᠢᠶᠡᠨ ᠳᠤ ᠪᠠᠰᠠ ᠲᠤᠲᠠᠭᠳᠠᠯ ᠣᠷᠣᠰᠢᠵᠤ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠬᠡ᠂ ᠨᠠᠰᠤᠵᠢᠯ ᠤᠨ | ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠮᠥᠨ ᠬᠦ ᠲᠡᠩᠴᠡᠭᠦᠷᠢ ᠦᠭᠡᠢ᠂ ᠣᠷᠣᠯᠭ᠎ᠠ ᠵᠠᠷᠤᠯᠭ᠎ᠠ ᠶᠢᠨ | ᠵᠥᠷᠢᠴᠡᠯ ᠲᠣᠪᠣᠶᠢᠮ᠎ᠠ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠭᠦᠢᠴᠡᠳ ᠪᠤᠰᠣ᠂ ᠰᠠᠭᠤᠷᠢ ᠳᠦᠬᠦᠬᠡᠷᠤᠮᠵᠢ | ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠬᠤᠴᠤᠷᠤᠩᠭᠤᠢ᠃ ᠭᠤᠷᠪᠠ ᠳᠤ᠂ ᠵᠠᠰᠠᠭ ᠤᠨ ᠣᠷᠳᠣᠨ ᠤ | ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠪᠠ ᠺᠠᠳ᠋ᠷ ᠤᠨ ᠡᠩᠨᠡᠭᠡᠨ ᠤ ᠬᠡᠪ ᠰᠤᠷᠲᠠᠯ ᠤᠨ ᠪᠠᠶᠢᠭᠤᠯᠤᠯᠲᠠ ᠶᠢ ᠮᠥᠨ | ᠴᠢᠩᠭᠠᠳᠬᠠᠬᠤ ᠴᠢᠬᠤᠯᠠᠲᠠᠢ᠃ ᠵᠠᠷᠢᠮ ᠺᠠᠳ᠋ᠷ ᠠᠵᠢᠯᠲᠠᠨ ᠤ ᠬᠠᠷᠢᠭᠤᠴᠠᠯᠭᠠᠲᠤ ᠣᠬᠠᠮᠰᠠᠷ᠂ ᠦᠢᠯᠡᠴᠢᠯᠡᠬᠦ ᠤᠬᠠᠮᠰᠠᠷ᠂ | ᠦᠢᠯᠡᠰ ᠪᠣᠰᠬᠠᠬᠤ ᠡᠷᠴᠢ ᠵᠣᠷᠢᠭ ᠲᠤᠲᠠᠮᠠᠭ ᠪᠠᠶᠢᠵᠣ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ | ᠲᠠᠢ ᠬᠠᠷᠢᠴᠠᠭᠤᠯᠪᠠᠯ ᠵᠣᠬᠢᠬᠤ ᠬᠡᠮᠵᠢᠶᠡᠨ ᠤ ᠵᠦᠷᠢᠶ᠎ᠡ ᠲᠠᠢ ᠪᠠᠶᠢᠨ᠎ᠠ᠃ ᠡᠶᠢᠮᠦ ᠠᠴᠠ ᠪᠢᠳᠡ ᠡᠷᠬᠡᠪᠰᠢ ᠠᠰᠠᠭᠤᠳᠠᠯ | ᠳᠤ ᠵᠣᠷᠢᠭᠲᠠᠢ ᠪᠠᠷ ᠬᠠᠨᠳᠤᠵᠤ᠂ ᠠᠰᠠᠭᠤᠳᠠᠯ ᠢ ᠵᠥᠪ ᠢᠶᠠᠷ ᠲᠠᠨᠢᠵᠦ᠂ ᠲᠤᠬᠢᠷᠠᠮᠵᠢᠲᠠᠢ ᠠᠷᠭ᠎ᠠ ᠬᠡᠮᠵᠢᠶ᠎ᠡ ᠠᠪᠴᠤ᠂ | ᠵᠤᠬᠢᠰᠲᠠᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠦᠭᠡᠳ ᠨᠠᠮ | ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠬᠡ ᠵᠢᠯ ᠪᠤᠯᠤᠨ᠎ᠠ | ᠃ ᠦᠨᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠭᠠᠪᠤᠷᠢᠯᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ | ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠰᠢᠨ᠎ᠡ ᠵᠠᠮ ᠢᠶᠠᠷ ᠵᠠᠮᠨᠠᠵᠤ᠂ ᠰᠢᠯᠢᠳᠡᠭ ᠠᠮᠵᠢᠯᠲᠠ | ᠤᠯᠬᠤ︾ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ | ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ᠂ ᠨᠡᠶᠢᠭᠡᠮ | ᠤᠨ ᠲᠣᠭᠲᠠᠭᠤᠨ ᠢ ᠪᠠᠲᠤᠯᠠᠨ᠂ ᠬᠤᠶᠠᠷ ᠲᠤᠮᠤ ᠶᠠᠪᠤᠳᠠᠯ ᠢ ᠰᠠᠶᠢᠲᠤᠷ ᠬᠢᠬᠦ ᠢᠳᠡᠪᠬᠢᠲᠡᠢ ᠬᠦᠴᠦᠨ ᠴᠢᠳᠠᠯ ᠢ | ᠨᠢᠭᠲᠠᠷᠠᠭᠤᠯᠤᠨ᠎ᠠ᠃ | ᠦᠨᠦ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠠᠴᠠ ᠳᠡᠭᠡᠭᠰᠢ | ᠨᠡᠮᠡᠭᠳᠡᠬᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 16% ᠣᠷᠴᠢᠮ ᠨᠡᠮᠡᠭᠳᠡᠭᠦᠯᠵᠦ᠂ ᠡᠩ | ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16% ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 5% ᠣᠷᠴᠢᠮ ᠨᠡᠮᠡᠭᠳᠡᠭᠦᠯᠵᠦ᠂ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠡᠭᠰᠢᠳᠬᠡᠭᠰᠡᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠣᠰ | ᠪᠦᠷᠢ 5% ᠪᠠ 7% ᠪᠠᠷ ᠨᠡᠮᠡᠭᠳᠡᠬᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠪᠠ ᠪᠣᠬᠢᠷᠲᠤᠯ ᠪᠤᠳᠠᠰ | ᠭᠠᠳᠠᠭᠰᠢᠯᠠᠭᠤᠯᠬᠤ ᠬᠡᠮᠵᠢᠶ᠎ᠡ ᠶᠢ ᠠᠶᠢᠮᠠᠭ ᠤᠨ ᠲᠤᠭᠲᠠᠭᠠᠭᠰᠠᠨ ᠬᠠᠷᠠᠯᠲᠠ ᠶᠣᠰᠣᠭᠠᠷ ᠪᠠᠶᠢᠷᠢᠯᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠣᠣᠷᠠᠬᠢ ᠬᠡᠳᠤᠨ ᠵᠤᠶᠢᠯ ᠤᠨ | ᠠᠵᠢᠯ ᠢ ᠰᠠᠶᠢᠲᠤᠷ ᠠᠳᠬᠤᠬᠤ ᠴᠢᠬᠤᠯᠠᠲᠠᠢ ᠪᠠᠶᠢᠨ᠎ᠠ᠄ | ︵ᠨᠢᠭᠡ︶ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ | ᠨᠢᠭᠡ ᠳᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠬᠦᠴᠦᠯᠡᠨ ᠠᠳᠬᠤᠨ᠎ᠠ᠃ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠤᠨ | ᠨᠥᠭᠡᠴᠡᠯᠡᠯᠲᠡ ᠶᠢ ᠪᠣᠳᠠᠲᠠᠶᠢᠵᠢᠭᠤᠯᠤᠨ ᠨᠠᠷᠢᠯᠢᠭ ᠬᠢᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠬᠦ ︽ | ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠲᠤᠮᠤ ᠶᠠᠪᠤᠳᠠᠯ ᠤᠨ ᠲᠣᠭᠤᠷᠢᠨ ᠳᠤ᠂ ᠮᠠᠨ ᠤ ᠬᠤᠰᠢᠭᠤᠨ | ᠤ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠳᠬᠠᠵᠤ᠂ | ᠳᠡᠭᠡᠳᠤ ᠱᠠᠲᠤᠨ ᠤ ᠲᠤᠰᠬᠠᠢ ᠲᠦᠷᠦᠯ ᠤᠨ ᠪᠡᠯᠡ ᠮᠥᠩᠭᠦ ᠶᠢ ᠴᠢᠷᠮᠠᠶᠢᠨ ᠡᠷᠡᠮᠡᠯᠵᠡᠯᠡᠵᠤ᠂ ᠨᠠᠩ ᠣᠯᠠᠨ ᠲᠥᠷᠥᠯ | ᠵᠦᠢᠯ ᠢ ︽ᠬᠦᠮᠦᠷᠬᠡ︾ ᠳᠤ ᠤᠷᠤᠭᠤᠯᠬᠤ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠵᠤᠷᠢᠭ ᠲᠠᠢ ᠪᠠᠷ | ᠵᠤᠷᠴᠢᠨ ᠵᠤᠴᠢᠨᠰᠠᠭ ᠢᠶᠠᠷ ᠤᠷᠢᠵᠤ᠂ ᠪᠣᠬᠢᠷᠲᠤᠯ ᠦᠭᠡᠢ ᠴᠠᠬᠢᠯᠭᠠᠨ ᠢ ᠲᠤᠰ ᠭᠠᠵᠠᠷ ᠲᠤ ᠨᠢ ᠠᠰᠢᠭᠯᠠᠵᠤ᠂ ᠬᠡᠷᠡᠯ | ᠴᠡᠨᠡᠭ ᠢᠶᠠᠷ ᠤᠰᠤᠲᠥ᠋ᠷᠥᠭᠴᠢ ᠦᠢᠯᠡᠳᠬᠦ᠂ ᠨᠡᠭᠦᠷᠡᠰᠦᠨ ᠤ ᠡᠬᠢ ᠪᠠᠶᠠᠯᠢᠭ ᠢ ᠬᠤᠪᠢᠷᠠᠭᠤᠯᠬᠤ᠂ ᠨᠤᠨᠳᠠᠭ | ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ᠂ ᠲᠣᠰᠣ ᠬᠡᠢ ᠶᠢᠨ ᠠᠢ ᠰᠠᠪᠠ ᠪᠠ ᠪᠠᠶᠢᠯᠳᠤᠬᠤ ᠪᠣᠳᠣᠯᠭ᠎ᠠ | ᠶᠢᠨ ᠴᠢᠨᠠᠷᠲᠠᠢ ᠡᠬᠢ ᠪᠠᠶᠠᠯᠢᠭ ᠢ ᠪᠣᠬᠢᠷᠲᠤᠯ ᠦᠭᠡᠢ ᠬᠠᠶᠢᠨ ᠰᠢᠨᠵᠢᠯᠡᠵᠤ ᠨᠡᠭᠡᠭᠡᠨ ᠬᠥᠭᠵᠢᠭᠦᠯᠬᠦ᠂ | ᠣᠳᠣᠬᠢᠴᠢᠯᠠᠭᠰᠠᠨ ᠮᠠᠯ ᠠᠵᠤ ᠠᠬᠤᠢ᠂ ᠬᠤᠲᠠ ᠪᠠᠯᠭᠠᠰᠤ ᠶᠢ ᠰᠢᠨᠡᠳᠬᠡᠨ ᠰᠢᠯᠢᠳᠡᠭᠵᠢᠬᠦᠯᠬᠦ᠂ ᠰᠣᠶᠣᠯ ᠵᠢᠭᠤᠯᠴᠢᠯᠠᠯ | ᠤᠨ ᠠᠵᠤ ᠦᠢᠯᠡᠰ ᠢ ᠬᠥᠭᠵᠢᠭᠦᠯᠬᠦ ᠵᠡᠷᠭᠡ ᠬᠦᠷᠢᠶ᠎ᠡ ᠴᠠᠷ᠎ᠠ ᠶᠢᠨ ᠲᠣᠭᠤᠷᠢᠨ ᠳᠤ ᠬᠠᠨᠳᠤᠯᠭᠠᠲᠤ ᠴᠢᠨᠠᠷ ᠲᠠᠢ᠂ | ᠨᠠᠷᠢᠯᠢᠭ ᠤᠨᠤᠪᠴᠢᠲᠠᠢ ᠠᠷᠠᠯᠵᠢᠶᠠᠴᠢᠨ ᠤᠷᠢᠬᠤ ᠶᠢ ᠪᠡᠶᠡᠯᠡᠬᠦᠯᠦᠨ᠎ᠡ᠃ ᠪᠦᠬᠦ ᠵᠢᠯ ᠳᠤ 4 ᠲᠠᠯᠠᠪᠤᠷ ᠠᠷᠠᠯᠵᠢᠶᠠᠴᠢᠨ | ᠤᠷᠢᠬᠤ ᠠᠵᠢᠯᠯᠠᠭ᠎ᠠ ᠶᠢ ᠦᠷᠨᠢᠬᠦᠯᠬᠦ ᠪᠠᠷ ᠲᠥᠯᠥᠪᠯᠡᠵᠦ᠂ ᠬᠤᠰᠢᠭᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠪᠦᠯᠬᠦᠮ ᠳᠠᠭᠠᠭᠤᠯᠵᠤ ᠭᠠᠳᠠᠭᠰᠢ ᠭᠠᠷᠴᠤ 10 ᠤᠳᠠᠭ᠎ᠠ ᠠᠴᠠ ᠳᠡᠭᠡᠭᠰᠢ ᠠᠷᠠᠯᠵᠢᠶᠠᠴᠢᠨ ᠤᠷᠢᠬᠤ ᠠᠵᠢᠯᠯᠠᠭ᠎ᠠ | ᠶᠠᠪᠤᠭᠳᠠᠭᠤᠯᠵᠤ᠂ 40 ᠠᠴᠠ ᠳᠡᠭᠡᠭᠰᠢ ᠠᠵᠤ ᠠᠬᠤᠶᠢᠯᠠᠯ ᠲᠠᠢ ᠠᠭᠤᠯᠵᠠᠨ ᠵᠦᠪᠳᠡᠯᠡᠯᠴᠡᠵᠤ᠂ 10 ᠠᠴᠠ ᠳᠡᠭᠡᠭᠰᠢ | ᠠᠵᠤ ᠠᠬᠤᠶᠢᠯᠠᠯ ᠲᠠᠢ ᠭᠡᠷ᠎ᠡ ᠲᠤᠭᠲᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠨᠠᠶᠢᠳᠠᠪᠤᠷᠢᠵᠢᠭᠰᠠᠨ ᠪᠡᠯᠡ | ᠮᠦᠩᠭᠦᠨ ᠤ ᠦᠰᠦᠯᠲᠡ ᠶᠢ 15% ᠠᠴᠠ ᠳᠡᠭᠡᠭᠰᠢ ᠪᠠᠶᠢᠯᠭᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ | ᠭᠠᠷᠳᠠᠮ ᠤᠨ ᠭᠦᠢᠴᠡᠳᠬᠡᠯ ᠤᠨ ᠠᠵᠢᠯᠯᠠᠭ᠎ᠠ ᠶᠢ ᠲᠦᠷᠭᠡᠳᠬᠡᠵᠦ᠂ ᠠᠶᠢᠮᠠᠭ ᠤᠨ ᠲᠠᠰ ᠤᠨ ᠭᠤᠣᠯᠳᠠᠯᠭ᠎ᠠ ᠲᠠᠢ 14 | ᠲᠥᠷᠥᠯ ᠵᠦᠢᠯ ᠢ 4 ᠰᠠᠷ᠎ᠠ ᠶᠢᠨ 15 ᠤ ᠡᠳᠦᠷ ᠠᠴᠠ ᠡᠮᠦᠨ᠎ᠡ ᠠᠵᠢᠯ ᠡᠬᠢᠯᠡᠬᠦᠯᠦᠨ᠎ᠡ᠃ | ᠬᠤᠶᠠᠷ ᠲᠤ᠂ ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠬᠦᠴᠦᠯᠡᠨ | ᠰᠢᠯᠢᠳᠡᠭᠵᠢᠬᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ ᠳᠦᠷᠢᠮ ᠢ | ᠲᠡᠭᠦᠯᠳᠡᠷᠵᠢᠭᠦᠯᠵᠦ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ | ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢᠨ ︽ᠬᠤᠶᠠᠷ ᠢ ᠢᠯᠡ ᠨᠡᠶᠢᠲᠡᠯᠡᠬᠦ︾ ᠵᠡᠷᠭᠡ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠦᠷᠨᠢᠬᠦᠯᠦᠨ᠎ᠡ᠃ ︽ᠬᠤᠶᠠᠷ ᠡᠷᠡᠰ ᠭᠤᠶᠢᠪᠢᠰᠢ ᠦᠭᠡᠢ︾ ᠶᠢ | ᠪᠠᠷᠢᠮᠲᠠᠯᠠᠨ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠪᠥᠬᠦ ᠬᠦᠴᠦᠨ | ᠢᠶᠠᠷ ᠢᠶᠠᠨ ᠳᠡᠮᠵᠢᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ | ᠴᠢᠩᠭᠠᠳᠬᠠᠵᠤ᠂ ᠵᠠᠰᠠᠭ ᠤᠨ ᠣᠷᠳᠤᠨ᠂ ᠪᠠᠩᠬᠢ᠂ ᠠᠵᠤ ᠠᠬᠤᠶᠢᠯᠠᠯ ᠤᠨ ᠬᠠᠮᠵᠢᠯᠴᠠᠭ᠎ᠠ ᠶᠢ ᠴᠢᠩᠭᠠᠳᠬᠠᠵᠤ᠂ | ᠵᠠᠰᠠᠭ᠂ ᠪᠠᠩᠬᠢ᠂ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ᠂ ᠬᠦᠴᠦᠨ ᠵᠦᠢᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ | ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ | ᠪᠣᠳᠣᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠬᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠴᠠᠭ ᠢᠶᠠᠨ | ᠤᠷᠲᠤᠳᠬᠠᠨ ᠦᠢᠯᠡᠴᠢᠯᠡᠬᠦ ᠶᠢ ᠯᠠᠪᠳᠠᠭᠤᠨ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠦᠨᠳᠦᠰᠦᠨ ᠱᠠᠲᠤᠨ ᠳᠤ ᠬᠦᠨᠵᠡᠬᠡᠶᠢᠷᠡᠬᠦᠯᠵᠤ᠂ ︽ᠣᠶᠢᠷ᠎ᠠ ᠬᠠᠪᠢ ᠳᠤ ᠨᠢ | ᠬᠦᠢᠴᠡᠳᠬᠡᠬᠦ᠂ ᠭᠡᠷ ᠤᠨ ᠡᠭᠦᠳᠡᠨ ᠳᠤ ᠨᠢ ᠬᠦᠷᠭᠡᠬᠦ︾ ᠶᠢ ᠪᠡᠶᠡᠯᠡᠭᠦᠯᠦᠨ᠎ᠡ᠃ ᠨᠠᠩ ᠣᠯᠠᠨ ᠥᠨᠳᠥᠷ ᠳᠠᠪᠲᠠᠮᠵᠢᠲᠤ | ᠶᠠᠪᠤᠳᠠᠯ ᠢ ︽ᠠᠯᠠᠭᠠᠨ ᠳᠡᠭᠡᠷ᠎ᠡ ᠭᠦᠢᠴᠡᠳᠬᠡᠬᠦ︾ ᠶᠢ ᠲᠦᠯᠬᠢᠨ ᠠᠬᠢᠭᠤᠯᠬᠤ ᠶᠢᠨ ᠬᠠᠮᠲᠤ ︽ᠠᠮᠠᠷᠬᠠᠨ | ᠰᠢᠢᠳᠪᠤᠷᠢᠯᠡᠵᠤ᠂ ᠲᠦᠷᠬᠡᠨ ᠰᠢᠢᠳᠪᠦᠷᠢᠯᠡᠬᠦ ︾ ᠪᠣᠯᠭᠠᠨ ᠬᠤᠪᠢᠷᠠᠭᠤᠯᠵᠤ᠂ ᠰᠦᠯᠵᠢᠶᠡᠨ ᠳᠡᠭᠡᠷ᠎ᠡ ᠪᠣᠳᠠᠳᠠᠢ | ᠭᠦᠢᠴᠡᠳᠬᠡᠬᠦ ᠨᠣᠷᠮ᠎ᠠ ᠶᠢ 80% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ︽ᠬᠠᠪᠰᠤᠷᠤᠨ ᠭᠦᠢᠴᠡᠳᠬᠡᠬᠦ | ᠂ ᠣᠷᠣᠯᠠᠨ ᠭᠦᠢᠴᠡᠳᠬᠡᠬᠦ᠂ ᠳᠠᠭᠠᠭᠠᠨ ᠭᠦᠢᠴᠡᠳᠬᠡᠬᠦ︾ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ︽12345︾ ᠬᠠᠯᠠᠮᠰᠢᠯ ᠤᠲᠠᠰᠤᠨ ᠤ | ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠰᠢᠯᠢᠳᠡᠭᠵᠢᠬᠦᠯᠵᠤ᠂ ᠠᠵᠤ ᠠᠬᠤᠶᠢᠯᠠᠯ ᠪᠤᠯᠤᠨ ᠤᠯᠠᠨ ᠲᠦᠮᠡᠨ | ᠳᠤ ᠨᠡᠩ ᠤᠯᠠᠨ ᠳᠦᠬᠦᠮ ᠦᠢᠯᠡᠴᠢᠯᠡᠭᠡ ᠬᠠᠩᠭᠠᠨ᠎ᠠ᠃ | ᠭᠤᠷᠪᠠ ᠳᠤ᠂ ᠰᠢᠨ᠎ᠡ ᠶᠢ ᠡᠬᠦᠳᠴᠤ᠂ ᠬᠠᠮᠲᠤᠷᠠᠯᠴᠠᠭ᠎ᠠ ᠶᠢ ᠦᠷᠭᠦᠯᠵᠢᠯᠡᠨ ᠠᠳᠬᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ᠰᠢᠨᠵᠢᠯᠡᠬᠦ | ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ | 2 ᠠᠴᠠ ᠳᠡᠭᠡᠭᠰᠢ ᠬᠡᠷᠡᠭᠯᠡᠭᠡᠨ ᠤ ᠮᠡᠷᠭᠡᠵᠢᠯ ᠬᠢᠭᠡᠳ ᠰᠤᠳᠤᠯᠤᠨ ᠨᠡᠭᠡᠭᠡᠬᠦ ᠲᠥᠷᠥᠯ ᠵᠦᠢᠯ ᠢ ᠲᠦᠯᠦᠪᠵᠢᠬᠦᠯᠦᠨ | ᠲᠤᠤᠱᠯᠠᠭᠤᠯᠵᠤ᠂ 1 ᠲᠤᠮᠤ ᠴᠢᠬᠤᠯᠠ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠪᠠᠷ ᠲᠦᠯᠦᠪᠯᠡᠨ᠎ᠡ᠃ ᠴᠢᠳᠠᠪᠤᠷᠢᠲᠠᠨ ᠢ ᠲᠠᠲᠠᠨ ᠠᠪᠴᠢᠷᠠᠬᠤ ᠪᠠ ᠦᠯᠡᠳᠡᠬᠡᠨ ᠠᠵᠢᠯᠯᠠᠭᠤᠯᠬᠤ ᠲᠦᠷᠦ | ᠶᠢᠨ ᠪᠤᠳᠤᠯᠭ᠎ᠠ ᠶᠢ ᠪᠦᠷᠢᠨᠰᠢᠬᠦᠯᠦᠨ ᠳᠡᠭᠦᠯᠳᠡᠷᠵᠢᠬᠦᠯᠵᠤ᠂ ᠤᠷᠤᠨ ᠨᠤᠲᠤᠭ ᠤᠨ ᠴᠢᠳᠠᠪᠤᠷᠢᠲᠠᠨ ᠢ ᠬᠦᠮᠦᠵᠢᠬᠦᠯᠬᠦ | ᠪᠠᠷ ᠳᠠᠮᠵᠢᠨ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠨ᠎ᠠ᠃ ︽ᠶᠠᠰᠤ ᠴᠢᠨᠠᠷ ᠢᠶᠠᠨ ᠳᠡᠭᠡᠭᠰᠢᠯᠡᠭᠦᠯᠦᠨ | ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠪᠠᠷ ᠠᠬᠢᠭᠤᠯᠵᠤ᠂ ᠳᠠᠪᠠᠭᠤᠯᠢᠭ | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠥᠪᠦᠷ ᠮᠣᠩᠭᠤᠯ ᠤᠨ ᠨᠡᠷᠡᠲᠦ ᠲᠡᠮᠳᠡᠭᠲᠦ︾ ᠶᠢᠨ ᠭᠡᠷᠡᠴᠢᠯᠡᠭᠡ | ᠬᠢᠯᠭᠡᠬᠦ ᠪᠠᠷ ᠡᠷᠡᠮᠡᠯᠵᠡᠵᠦ᠂ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠪᠠ ᠳᠡᠭᠡᠳᠦ | ᠱᠠᠲᠤᠨ ᠤ ᠶᠠᠰᠤ ᠴᠢᠨᠠᠷ ᠤᠨ ᠱᠠᠩᠨᠠᠯ ᠢ ᠬᠦᠷᠲᠡᠬᠦ ᠪᠠᠷ ᠴᠢᠷᠮᠠᠶᠢᠵᠤ᠂ ᠡᠯ᠎ᠡ ᠠᠵᠢᠯ ᠲᠥᠷᠥᠯ ᠤᠨ ᠬᠦᠷᠢᠶ᠎ᠡ ᠴᠠᠷ᠎ᠠ | ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠨ᠎ᠡ | ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠰᠤᠯᠠ ᠪᠠᠶᠢᠭ᠎ᠠ ᠡᠳ᠋ ᠬᠥᠷᠥᠩᠭᠡ ᠶᠢ | ᠪᠦᠲᠦᠮᠵᠢᠲᠡᠶ ᠠᠮᠢᠯᠠᠭᠤᠯᠤᠨ ᠠᠰᠢᠭᠯᠠᠵᠤ᠂ ᠬᠤᠰᠢᠭᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ᠃ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠵᠢᠯ ᠤᠨ ᠳᠣᠲᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠲᠤᠭ᠎ᠠ ᠶᠢ 5% | ᠠᠴᠠ ᠳᠡᠭᠡᠭᠰᠢ ᠨᠡᠮᠡᠭᠳᠡᠭᠦᠯᠦᠨ᠎ᠡ᠃ ᠪᠦᠬᠦ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠳᠤ ᠬᠦᠳᠡᠯᠦᠩᠭᠦᠢ ᠪᠠᠷ ᠠᠭᠤᠰᠤᠯᠴᠠᠵᠤ᠂ ᠬᠢᠯᠢ ᠬᠢᠵᠠᠭᠠᠷ ᠤᠷᠤᠨ ᠤ ᠬᠠᠷᠢᠯᠴᠠᠭ᠎ᠠ ᠪᠠ ᠣᠷᠣᠨ | ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠷᠢᠶᠡᠨ ᠬᠤᠲᠠ ᠪᠤᠯᠤᠨ ᠰᠥᠨᠢᠳ ᠪᠠᠷᠠᠭᠤᠨ | ᠬᠤᠰᠢᠭᠤᠨ ᠤ ᠭᠤᠷᠪᠠᠨ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠣᠭᠤᠷᠢᠨ ᠳᠤ᠂ ᠴᠢᠨᠠᠷ | ᠰᠠᠶᠢᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠶᠢᠭᠤᠯᠤᠯᠲᠠ᠂ ᠰᠢᠨ᠎ᠡ ᠡᠨᠧᠷᠭᠢ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ᠂ ᠬᠢᠯᠢ ᠶᠢᠨ | ᠠᠷᠠᠳ ᠤᠨ ᠰᠤᠯᠢᠯᠴᠠᠭ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠵᠠᠰᠠᠯᠲᠠ ᠵᠢᠴᠢ ᠬᠢᠯᠢ ᠬᠢᠵᠠᠭᠠᠷ ᠤᠷᠤᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠵᠡᠷᠭᠡ | ᠬᠦᠷᠢᠶᠡᠨ ᠴᠠᠷ᠎ᠠ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠲᠠᠭᠳᠠᠯ ᠢᠶᠠᠨ ᠬᠠᠷᠢᠯᠴᠠᠨ | ᠨᠦᠬᠦᠪᠦᠷᠢᠯᠡᠨ᠂ ᠰᠤᠯᠢᠪᠴᠠᠨ ᠬᠦᠭᠵᠢᠬᠦ ᠶᠢ ᠪᠡᠶᠡᠯᠡᠭᠦᠯᠦᠨ᠎ᠡ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠰᠢᠯᠢᠳᠡᠭᠵᠢᠭᠦ ᠶᠢ ᠰᠠᠶᠢᠲᠤᠷ ᠠᠳᠬᠤᠵᠤ᠂ ᠠᠵᠤ ᠦᠢᠯᠡᠰ | ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠤᠭᠴᠠᠯᠠᠨ᠎ᠠ | ᠨᠢᠭᠡ ᠳᠤ᠂ ᠭᠠᠷᠤᠯᠲᠠ ᠶᠢ ᠶᠡᠬᠡᠰᠬᠡᠨ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠨ ᠮᠠᠯ ᠠᠵᠤ | ᠠᠬᠤᠢ ᠶᠢᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ᠃ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠤᠨ | ᠡᠬᠢ ᠪᠠᠶᠠᠯᠢᠭ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ︽ᠡᠮᠦᠨ᠎ᠡ ᠪᠡᠶᠡᠨ ᠳᠤ ᠦᠬᠡᠷ᠂ | ᠬᠤᠶᠢᠨ᠎ᠠ ᠪᠡᠶᠡᠨ ᠳᠤ ᠬᠤᠨᠢ ᠮᠠᠯᠵᠢᠵᠦ᠂ ᠬᠤᠨᠢ ᠶᠢ ᠰᠢᠯᠢᠳᠡᠭᠵᠢᠬᠦᠯᠵᠤ᠂ ᠦᠬᠡᠷ ᠢ ᠨᠡᠮᠡᠭᠳᠡᠭᠦᠯᠦᠨ᠂ ᠠᠳᠤᠭᠤ | ᠲᠡᠮᠡᠭᠡ ᠶᠢ ᠬᠠᠮᠠᠭᠠᠯᠠᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ᠮᠠᠯ ᠠᠵᠤ ᠠᠬᠤᠢ ᠶᠢᠨ ᠠᠵᠤ ᠦᠢᠯᠡᠰ ᠤᠨ | ᠪᠦᠲᠦᠴᠡ ᠶᠢ ᠢᠳᠡᠪᠬᠢᠲᠡᠢ ᠪᠠᠷ ᠰᠢᠯᠢᠳᠡᠭᠵᠢᠭᠦᠯᠦᠨ᠎ᠡ᠃ ᠰᠥᠨᠢᠳ ᠬᠤᠨᠢᠨ ᠤ ᠰᠢᠯᠢᠳᠡᠭ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠨᠠᠷᠢᠨ ᠬᠢᠨᠠᠮᠠᠭᠠᠢ | ᠰᠦᠪᠡᠭᠴᠢᠯᠡᠨ᠂ ᠵᠢᠯ ᠤᠨ ᠳᠣᠲᠣᠷ᠎ᠠ 170 ᠭᠤᠤᠯᠳᠠᠯᠭᠠᠲᠤ ᠰᠦᠷᠦᠭ ᠪᠣᠯᠭᠠᠨ ᠬᠥᠭᠵᠢᠭᠦᠯᠵᠦ᠂ ᠰᠥᠨᠢᠳ ᠬᠤᠨᠢᠨ | ᠤ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠶᠢ ᠪᠡᠶᠡᠯᠡᠭᠦᠯᠵᠦ᠂ ᠣᠷᠣᠨ ᠤ ᠲᠠᠰ ᠤᠨ ᠭᠤᠤᠯᠳᠠᠯᠠᠭᠠᠲᠤ ᠡᠭᠦᠯᠳᠡᠷ | ᠪᠣᠶᠢᠵᠢᠭᠤᠯᠬᠤ ᠲᠠᠯᠠᠪᠠᠶ ᠶᠢ ᠭᠤᠶᠤᠴᠢᠯᠠᠨ ᠮᠡᠳᠡᠭᠦᠯᠵᠦ ᠴᠤᠭᠴᠠᠯᠠᠨ ᠪᠠᠶᠢᠭᠤᠯᠬᠤ ᠠᠵᠢᠯ ᠢ ᠰᠠᠶᠢᠳᠤᠷ ᠠᠳᠬᠤᠨ᠎ᠠ᠃ | ᠮᠢᠬᠠᠨ ᠤ ᠦᠬᠡᠷ ᠤᠨ ᠡᠭᠦᠯᠳᠡᠷ ᠢ ᠰᠢᠯᠢᠳᠡᠭᠵᠢᠭᠦᠯᠬᠦ ᠠᠵᠢᠯᠯᠠᠭ᠎ᠠ ᠶᠢ ᠶᠠᠪᠤᠭᠳᠠᠭᠤᠯᠵᠤ᠂ ᠮᠤᠩᠭᠤᠯ ᠦᠬᠡᠷ ᠤᠨ | ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠨ᠎ᠠ᠃ 1 ᠤᠯᠤᠰ ᠤᠨ ᠲᠠᠰ ᠤᠨ ᠬᠤᠸᠠ ᠰᠢ ᠦᠬᠡᠷ ᠤᠨ ᠡᠭᠦᠯᠳᠡᠷ | ᠪᠣᠶᠢᠵᠢᠭᠤᠯᠬᠤ ᠭᠤᠤᠯᠳᠠᠯᠭᠠᠲᠤ ᠲᠠᠯᠠᠪᠠᠶ ᠶᠢ ᠡᠷᠡᠮᠡᠯᠵᠡᠯᠡᠨ ᠮᠡᠳᠡᠭᠦᠯᠵᠦ ᠦᠨᠡᠯᠡᠨ ᠲᠤᠭᠲᠠᠭᠠᠬᠤ ᠶᠢᠨ ᠬᠠᠮᠲᠤ | ᠲᠡᠵᠢᠭᠡᠨ ᠦᠷᠡᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠯ ᠤᠨ ᠳᠣᠲᠣᠷ᠎ᠠ ᠬᠤᠸᠠ ᠰᠢ | ᠦᠬᠡᠷ ᠤᠨ ᠰᠢᠯᠢᠳᠡᠭ ᠡᠭᠦᠯᠳᠡᠷ ᠢ 6 ᠰᠦᠷᠦᠭ 800 ᠲᠣᠯᠤᠭᠠᠢ ᠪᠣᠯᠭᠠᠨ ᠪᠤᠵᠠᠭᠠᠶᠢᠷᠠᠭᠤᠯᠤᠨ᠎ᠠ᠃ ᠣᠨᠴᠠᠯᠢᠭᠲᠤ | ᠨᠠᠷᠢᠯᠢᠭ ᠠᠷᠠᠴᠢᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠣᠷᠣᠨ ᠤ ᠲᠠᠰ ᠤᠨ ᠰᠥᠨᠢᠳ ᠮᠣᠩᠭᠤᠯ | ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠵᠢᠯ | ᠤᠨ ᠳᠣᠲᠣᠷ᠎ᠠ ᠠᠳᠤᠭᠤᠨ ᠤ ᠠᠵᠤ ᠦᠢᠯᠡᠰ ᠤᠨ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠢ 4 ᠡᠷᠦᠬᠡ ᠳᠤ | ᠬᠦᠷᠭᠡᠨ᠎ᠡ᠃ 1 ᠣᠷᠣᠨ ᠤ ᠲᠠᠰ ᠤᠨ ᠰᠥᠨᠢᠳ ᠬᠤᠣᠰ ᠪᠥᠬᠦᠲᠦ ᠲᠡᠮᠡᠭᠡᠨ ᠤ ᠡᠭᠦᠯᠳᠡᠷ ᠬᠠᠮᠠᠭᠠᠯᠠᠬᠤ ᠲᠠᠯᠠᠪᠠᠶ ᠶᠢ | ᠡᠭᠦᠳᠦᠨ ᠪᠠᠶᠢᠭᠤᠯᠤᠨ᠎ᠠ᠃ ᠬᠤᠨᠢᠨ ᠲᠡᠮᠡᠭᠡ ᠠᠷᠠᠳᠴᠢᠯᠠᠨ ᠳᠡᠵᠢᠭᠡᠬᠦ ᠰᠠᠭᠤᠷᠢᠨ ᠭᠠᠵᠠᠷ ᠢ ᠦᠷᠭᠦᠯᠵᠢᠯᠡᠨ | ᠬᠥᠭᠵᠢᠭᠦᠯᠦᠨ ᠪᠤᠵᠠᠭᠠᠶᠢᠷᠠᠭᠤᠯᠵᠤ᠂ ᠵᠢᠯ ᠤᠨ ᠳᠣᠲᠣᠷ᠎ᠠ ᠬᠤᠨᠢᠨ ᠲᠡᠮᠡᠭᠡᠨ ᠤ ᠪᠦᠲᠦᠭᠡᠭᠳᠡᠬᠦᠨ ᠤ ᠦᠵᠡᠭᠦᠯᠦᠯᠭᠡ | ᠶᠢᠨ ᠲᠢᠩᠬᠢᠮ ᠪᠠ ᠲᠣᠭᠤᠷᠢᠨ ᠦᠵᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠷᠠᠴᠢᠯᠠᠨ | ᠲᠡᠵᠢᠭᠡᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯ ᠪᠡᠯᠴᠢᠭᠡᠷ ᠤᠨ | ᠲᠡᠩᠴᠡᠭᠦᠷᠢ ᠶᠢ ᠦᠨᠳᠦᠰᠦᠯᠡᠨ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾᠂ ︽ᠪᠡᠯᠴᠢᠭᠡᠷᠯᠡᠭᠦᠯᠬᠦ ᠶᠢ | ᠴᠠᠭᠠᠵᠠᠯᠠᠬᠤ + ᠬᠠᠰᠢᠶᠠᠯᠠᠨ ᠲᠡᠵᠢᠭᠡᠬᠦ︾ ᠵᠡᠷᠭᠡ ᠬᠡᠯᠪᠡᠷᠢ ᠶᠢ ᠬᠡᠷᠡᠭᠵᠢᠭᠦᠯᠵᠦ᠂ ᠮᠢᠬᠠᠨ ᠤ ᠦᠬᠡᠷ ᠤᠨ ᠵᠢᠯ ᠤᠨ | ᠲᠤᠭ᠎ᠠ ᠲᠣᠯᠤᠭᠠᠢ ᠶᠢ 17 ᠲᠦᠮᠨ ᠳᠤ ᠲᠣᠭᠲᠠᠪᠤᠷᠢᠵᠢᠭᠤᠯᠤᠨ᠂ ᠪᠣᠷᠳᠤᠨ ᠲᠠᠷᠭᠤᠯᠠᠭᠤᠯᠤᠭᠰᠠᠨ ᠮᠢᠬᠠᠨ ᠤ ᠦᠬᠡᠷ | ᠢ 1.7 ᠲᠦᠮᠡᠨ ᠲᠣᠯᠣᠭᠠᠢ ᠳᠤ ᠬᠦᠷᠭᠡᠵᠦ᠂ 500 ᠲᠣᠯᠤᠭᠠᠢ ᠠᠴᠠ ᠳᠡᠭᠡᠭᠰᠢᠬᠢ ᠬᠡᠪᠴᠢᠶᠡᠵᠢᠭᠰᠡᠨ ᠮᠢᠬᠠᠨ ᠤ | ᠦᠬᠡᠷ ᠠᠷᠠᠴᠢᠯᠠᠨ ᠲᠡᠵᠢᠭᠡᠬᠦ ᠲᠠᠯᠠᠪᠠᠶ ᠶᠢ 5 ᠡᠷᠦᠬᠡ ᠠᠴᠠ ᠳᠡᠭᠡᠭᠰᠢ ᠬᠦᠷᠭᠡᠵᠦ᠂ ᠪᠡᠯᠴᠢᠭᠡᠷᠯᠡᠭᠦᠯᠦᠨ ᠮᠠᠯᠵᠢᠬᠤ | ᠬᠤᠨᠢ ᠶᠢ 88 ᠲᠦᠮᠡᠨ ᠲᠣᠯᠣᠭᠠᠢ ᠶᠢᠨ ᠳᠣᠲᠣᠷ᠎ᠠ ᠲᠣᠭᠲᠠᠪᠤᠷᠢᠵᠢᠭᠤᠯᠤᠨ᠎ᠠ᠃ ᠡᠪᠡᠰᠦ ᠪᠣᠷᠳᠤᠭ᠎ᠠ ᠳᠠᠷᠢᠬᠤ ᠪᠠ | ᠨᠥᠭᠡᠴᠡᠯᠡᠵᠦ ᠪᠣᠯᠪᠠᠰᠤᠷᠠᠭᠤᠯᠬᠤ ᠶᠢ ᠤᠷᠭᠠᠨᠢᠭ ᠢᠶᠠᠷ ᠤᠶᠠᠯᠳᠤᠭᠤᠯᠵᠤ᠂ ᠪᠥᠬᠦ ᠬᠤᠰᠢᠭᠤᠨ ᠤ ᠨᠣᠭᠤᠭᠠᠨ ᠳᠠᠷᠤᠰᠢ | ᠨᠥᠭᠡᠴᠡᠯᠡᠬᠦ ᠰᠠᠭᠤᠷᠢᠨ ᠭᠠᠵᠠᠷ ᠢ ᠶᠡᠷᠦᠩᠬᠡᠶᠢᠯᠡᠨ ᠠᠰᠢᠭᠯᠠᠵᠤ᠂ 5 ᠰᠤᠮᠤ ᠪᠠᠯᠭᠠᠰᠤᠨ ᠳᠤ ᠲᠣᠰ ᠪᠦᠷᠢ 1 | ᠪᠣᠷᠳᠤᠭ᠎ᠠ ᠡᠳ᠋ᠰᠢᠭᠦᠯᠵᠦ ᠨᠥᠭᠡᠴᠡᠯᠡᠬᠦ ᠥᠷᠲᠡᠭᠡ ᠶᠢ ᠪᠠᠶᠢᠭᠤᠯᠵᠤ᠂ ᠡᠪᠡᠰᠦ ᠪᠣᠷᠳᠤᠭᠠᠨ ᠤ ᠬᠠᠩᠭᠠᠯᠭ᠎ᠠ ᠶᠢᠨ | ᠪᠠᠲᠤᠯᠠᠭ᠎ᠠ ᠶᠢᠨ ᠴᠢᠳᠠᠪᠬᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠯᠠᠭᠠᠨ ᠢᠳᠡᠭᠡᠨ ᠢ ᠨᠠᠷᠢᠯᠢᠭ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠥᠷᠦᠯ ᠠᠩᠭᠢᠯᠠᠬᠤ᠂ | ᠣᠬᠢ ᠰᠠᠶᠢᠨ ᠪᠣᠭᠤᠳᠠᠯᠯᠠᠬᠤ ᠪᠣᠯᠤᠨ ᠪᠡᠯᠡᠨ ᠵᠠᠭᠤᠰᠢ ᠶᠢ ᠪᠣᠯᠪᠠᠰᠤᠷᠠᠭᠤᠯᠬᠤ ᠵᠡᠷᠭᠡ ᠲᠠᠯ᠎ᠠ ᠳᠤ ᠦᠷᠭᠦᠯᠵᠢᠯᠡᠨ | ᠴᠢᠷᠮᠠᠶᠢᠨ᠎ᠠ᠃ ᠮᠠᠯ ᠤᠨ ᠡᠳ᠋ᠰᠢᠬᠦᠯᠦᠯᠲᠡ ᠶᠢᠨ ᠬᠡᠮᠵᠢᠶ᠎ᠡ ᠶᠢ 50 ᠲᠦᠮᠡᠨ ᠲᠣᠯᠣᠭᠠᠢ ᠠᠴᠠ ᠳᠡᠭᠡᠭᠰᠢ ᠪᠠᠶᠢᠯᠭᠠᠵᠤ᠂ | ᠨᠠᠷᠢᠯᠢᠭ ᠪᠣᠯᠪᠠᠰᠤᠷᠠᠭᠤᠯᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ 6 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠥᠷᠭᠡᠳᠬᠡᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ | ᠡᠷᠬᠡ ᠣᠯᠭᠤᠬᠤ ᠭᠤᠶᠤᠴᠢᠯᠠᠯ ᠢ ᠦᠷᠭᠦᠯᠵᠢᠯᠡᠨ ᠰᠠᠶᠢᠲᠤᠷ ᠠᠳᠬᠤᠵᠤ᠂ ︽ᠳᠤᠮᠳᠠᠳᠤ ᠤᠯᠤᠰ ᠤᠨ ᠬᠤᠨᠢᠨ ᠤ | ᠠᠵᠤ ᠦᠢᠯᠡᠰ᠂ ᠰᠥᠨᠢᠳ ᠤᠨ ᠵᠢᠭᠠᠯᠲᠠ ᠲᠤᠭ᠎ᠠ︾ ᠶᠢ ᠨᠡᠶᠢᠲᠡᠯᠡᠨ᠂ ᠵᠢᠯ ᠤᠨ ᠳᠣᠲᠣᠷ᠎ᠠ 2 ᠨᠠᠷᠠᠲᠤ ᠲᠡᠮᠳᠡᠭᠲᠦ | ᠶᠢᠨ ᠡᠷᠬᠡ ᠣᠯᠭᠤᠭᠰᠠᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ 15 ᠲᠦᠮᠡᠨ ᠲᠣᠯᠤᠭᠠᠢ ᠰᠥᠨᠢᠳ | ᠬᠤᠨᠢ ᠶᠢ ᠰᠢᠰᠲ᠋ᠧᠮ ᠳᠤ ᠳᠠᠩᠰᠠᠯᠠᠵᠤ᠂ ᠪᠦᠲᠦᠭᠡᠭᠳᠡᠬᠦᠨ ᠤ ᠥᠷᠲᠡᠭ ᠤᠨ ᠨᠡᠮᠡᠭᠳᠡᠯ ᠢ 8% ᠠᠴᠠ ᠳᠡᠭᠡᠭᠰᠢ | ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭᠠᠨ ᠢᠳᠡᠭᠡᠨ ᠤ ᠠᠵᠤ | ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠬᠦᠯᠵᠤ᠂ ᠰᠠᠭᠠᠯᠢ ᠶᠢᠨ | ᠦᠨᠢᠶᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠦᠴᠦᠯᠡᠨ ᠡᠷᠡᠮᠡᠯᠵᠡᠯᠡᠵᠦ᠂ | ᠴᠠᠭᠠᠨ ᠢᠳᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ | ᠬᠤᠶᠠᠷ ᠲᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠡᠯᠲᠡ ᠪᠠᠷ ᠤᠳᠤᠷᠢᠳᠤᠮᠵᠢ ᠪᠤᠯᠭᠠᠵᠤ᠂ ᠠᠵᠤ | ᠦᠢᠯᠡᠳᠪᠦᠷᠢ ᠶᠢᠨ ᠬᠡᠮᠵᠢᠶ᠎ᠡ ᠶᠢ ᠦᠷᠬᠡᠳᠬᠡᠨ᠂ ᠶᠠᠰᠤ ᠴᠢᠨᠠᠷ ᠢ ᠳᠡᠭᠡᠭᠰᠢᠯᠡᠬᠦᠯᠵᠤ᠂ ᠦᠷ᠎ᠡ ᠠᠰᠢᠭ ᠢ ᠨᠡᠮᠡᠭᠳᠡᠬᠦᠯᠬᠦ | ᠶᠢ ᠠᠬᠢᠭᠤᠯᠣᠨ᠎ᠠ᠃ ᠨᠡᠭᠦᠷᠡᠰᠦ᠂ ᠴᠠᠬᠢᠯᠭᠠᠨ᠂ ᠰᠠᠯᠬᠢ᠂ ᠭᠡᠷᠡᠯ ᠤᠨ ᠡᠨᠧᠷᠬᠢ ᠶᠢᠨ ᠠᠭᠤᠰᠤᠯᠴᠠᠨ ᠬᠦᠭᠵᠢᠬᠦ ᠶᠢ | ᠠᠬᠢᠭᠤᠯᠤᠨ᠎ᠠ᠃ ᠪᠠᠶ᠋ᠬᠠᠭᠤᠯᠠ ᠨᠡᠭᠦᠷᠡᠰᠦᠨ ᠠᠭᠤᠷᠬᠠᠢ ᠶᠢᠨ ᠶᠡᠷᠦᠩᠬᠡᠢ ᠲᠦᠯᠦᠪᠵᠢᠬᠦᠯᠬᠡ ᠶᠢ ᠵᠠᠰᠠᠨ ᠨᠠᠶᠢᠷᠠᠭᠤᠯᠬᠤ᠂ | ᠤᠯᠠᠭᠠᠨᠨᠠᠭᠤᠷ ᠤᠨ ᠠᠭᠤᠷᠬᠠᠢ ᠬᠠᠶᠢᠬᠤ ᠡᠷᠬᠡ ᠶᠢ ᠰᠢᠯᠵᠢᠭᠦᠯᠦᠨ ᠥᠭᠬᠦ ᠵᠡᠷᠭᠡ ᠠᠵᠢᠯ ᠢ ᠢᠳᠡᠪᠬᠢᠲᠡᠢ ᠪᠠᠷ | ᠠᠬᠢᠭᠤᠯᠵᠤ᠂ ᠮᠠᠩᠯᠠᠢ ᠨᠡᠭᠦᠷᠡᠰᠦᠨ ᠠᠭᠤᠷᠬᠠᠢ ᠶᠢᠨ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠶᠢ | ᠭᠤᠣᠯᠳᠠᠯᠭ᠎ᠠ ᠲᠠᠢ ᠠᠳᠬᠤᠵᠤ᠂ ᠠᠶᠤᠯᠬᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠲᠦᠷᠭᠡᠬᠡᠨ | ᠣᠯᠭᠤᠬᠤ ᠪᠠᠷ ᠴᠢᠷᠮᠠᠶᠢᠵᠤ᠂ ᠬᠡᠪ ᠤᠨ ᠦᠢᠯᠡᠳᠪᠦᠷᠢᠯᠡᠯ ᠢ ᠴᠢᠷᠮᠠᠶᠢᠨ ᠰᠡᠷᠭᠦᠭᠡᠨ᠎ᠡ᠃ ᠮᠠᠩᠯᠠᠢ 2×66 ᠲᠦᠮᠡᠨ | ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠡᠴᠦᠰ | ᠠᠴᠠ ᠡᠮᠦᠨ᠎ᠡ ᠰᠠᠭᠤᠷᠢ ᠢᠨᠵᠧᠨᠧᠷᠢᠩ ᠢ ᠪᠠᠶᠢᠭᠤᠯᠵᠤ ᠳᠠᠭᠤᠰᠬᠠᠨ᠎ᠠ᠃ ᠮᠠᠩᠯᠠᠢ ᠴᠠᠬᠢᠯᠭᠠᠨ ᠭᠠᠷᠭᠠᠬᠤ ᠦᠢᠯᠡᠳᠪᠦᠷᠢ | ᠳᠤ ᠰᠢᠨ᠎ᠡ ᠡᠨᠧᠷᠭᠢ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠨ᠎ᠡ᠃ 4×66 | ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠲᠥᠯᠦᠪᠵᠢᠭᠦᠯᠭᠡ ᠶᠢ ᠰᠠᠶᠢᠲᠤᠷ ᠬᠢᠨ᠎ᠡ᠃ ᠣᠨᠴᠠ ᠥᠨᠳᠥᠷ ᠬᠦᠴᠦᠳᠡᠯᠲᠦ ᠭᠤᠷᠪᠠᠳᠤᠭᠠᠷ ᠬᠤᠭᠤᠴᠠᠭᠠᠨ ᠤ 102 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠢᠨᠵᠧᠨᠧᠷᠢᠩ ᠤᠨ ᠭᠠᠷᠳᠠᠮ ᠢ ᠭᠦᠢᠴᠡᠳᠬᠡᠬᠦ ᠪᠠ ᠪᠦᠲᠦᠭᠡᠨ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠣᠨᠴᠠ ᠥᠨᠳᠦᠷ ᠬᠦᠴᠦᠳᠡᠯᠲᠦ ᠶᠢᠨ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡ᠂ ᠰᠢᠨ᠎ᠡ ᠬᠡᠯᠪᠡᠷᠢ ᠶᠢᠨ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠵᠡᠷᠭᠡ | ᠲᠥᠷᠥᠯ ᠵᠦᠢᠯ ᠢ ᠵᠢᠯ ᠤᠨ ᠳᠣᠲᠣᠷ᠎ᠠ ᠪᠣᠲᠠᠲᠠᠶᠢᠵᠢᠭᠤᠯᠤᠨ᠎ᠠ᠃ 500 ᠺᠢᠯᠤᠸᠤᠯᠲ ᠤᠨ ᠤᠷᠤᠨ ᠪᠦᠰᠡ ᠶᠢᠨ | ᠲᠣᠣᠷ ᠤᠨ ᠪᠦᠲᠦᠴᠡ ᠶᠢ ᠦᠷᠭᠦᠯᠵᠢᠯᠡᠨ ᠴᠢᠩᠭᠠᠳᠬᠠᠵᠤ᠂ ᠰᠢᠯᠢᠩᠬᠤᠲᠠ ᠶᠢᠨ ᠪᠠᠷᠠᠭᠤᠨ— ᠵᠡᠬᠦᠨ ᠰᠦᠨᠢᠳ | — ᠲᠠᠯ᠎ᠠ ᠶᠢᠨ ᠴᠠᠬᠢᠯᠭᠠᠨ ᠬᠦᠷᠭᠡᠬᠦ ᠢᠨᠵᠧᠨᠧᠷᠢᠩ ᠵᠢᠴᠢ ᠢᠵᠢ ᠪᠦᠷᠢᠳᠦᠭᠦᠯᠬᠦ ᠱᠤᠭᠤᠮ ᠢ ᠭᠤᠣᠯᠳᠠᠯᠭ᠎ᠠ ᠲᠠᠢ | ᠲᠦᠯᠬᠢᠨ ᠠᠬᠢᠭᠤᠯᠵᠤ᠂ 220 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠬᠠᠩᠭᠠᠬᠤ | ᠭᠤᠣᠯᠯᠠᠭᠴᠢ ᠱᠣᠭᠤᠮ ᠢ ᠢᠳᠡᠪᠬᠢᠲᠡᠢ ᠪᠠᠶᠢᠭᠤᠯᠵᠣ᠂ ᠮᠢᠩ ᠶᠠᠩ ᠴᠡᠪᠡᠷ ᠴᠠᠬᠢᠯᠭᠠᠨ ᠪᠠ ᠲᠠᠷᠠᠬᠠᠢ ᠬᠡᠯᠪᠡᠷᠢ ᠪᠠᠷ | ᠲᠣᠣᠷ ᠵᠠᠯᠭᠠᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠴᠡᠪᠡᠷ ᠴᠠᠬᠢᠯᠭᠠᠨ ᠢ | ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠬᠦᠷᠭᠡᠬᠦ ᠪᠠ ᠡᠷᠬᠢᠨ ᠲᠣᠭᠤᠷᠢᠨ᠂ ᠲᠤᠬᠠᠢ ᠶᠢᠨ ᠭᠠᠵᠠᠷ ᠲᠤᠨᠢ | ᠠᠰᠢᠭᠯᠠᠬᠤ ᠶᠢ ᠬᠦᠴᠦᠲᠡᠢ ᠠᠬᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ | ᠪᠠᠶᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠳ᠋ᠠ | ᠲᠠᠩ ᠳ᠋ᠢᠩ ᠸᠠᠩ ᠤᠨ ᠲᠣᠭᠲᠠᠭᠤᠨ ᠢᠶᠠᠷ ᠦᠢᠯᠡᠳᠪᠦᠷᠢᠯᠡᠵᠦ ᠠᠵᠢᠯᠯᠠᠬᠤ ᠶᠢ ᠦᠨᠡᠨᠬᠦ ᠪᠠᠲᠤᠯᠠᠵᠤ᠂ ᠨᠡᠭᠦᠷᠡᠰᠦ ᠬᠢᠮᠢ | ᠶᠢᠨ ᠠᠵᠤ ᠦᠢᠯᠡᠳᠪᠦᠷᠢ ᠶᠢᠨ ᠡᠴᠦᠰ ᠤᠨ ᠦᠢᠯᠡᠳᠬᠦᠨ ᠢ ᠨᠠᠷᠢᠯᠢᠭᠵᠢᠭᠤᠯᠬᠤ ᠴᠢᠭᠯᠡᠯ ᠲᠡᠶᠢᠰᠢ ᠬᠥᠭᠵᠢᠬᠦ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠶᠢᠨ ᠵᠥᠩ ᠠᠭᠤᠷᠬᠠᠢ ᠶᠢᠨ ᠦᠢᠯᠡᠰ ᠤᠨ ᠬᠤᠯᠪᠤᠭᠠᠯᠠᠨ ᠡᠵᠡᠩᠨᠡᠬᠦ ︵ | ᠬᠤᠪᠢ ᠣᠷᠣᠭᠤᠯᠬᠤ︶ ᠬᠠᠮᠲᠤ ᠪᠠᠷ ᠴᠣᠭᠴᠠᠯᠠᠬᠤ ᠳᠤ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠠᠵᠢᠯ ᠢ | ᠰᠠᠶᠢᠲᠤᠷ ᠠᠳᠬᠤᠵᠤ᠂ ᠳᠡᠭᠡᠷ᠎ᠡ ᠬᠠᠭᠠᠰ ᠵᠢᠯ ᠳᠤ ᠠᠵᠢᠯ ᠰᠡᠷᠭᠦᠬᠡᠨ ᠦᠢᠯᠡᠳᠪᠦᠷᠢᠯᠡᠯ ᠢᠶᠠᠨ ᠡᠬᠢᠯᠡᠬᠦᠯᠬᠦ ᠶᠢ ᠦᠨᠡᠨᠬᠦ | ᠪᠠᠲᠤᠯᠠᠨ᠎ᠠ᠃ ᠳᠤᠮᠳᠠᠳᠤ ᠤᠯᠤᠰ ᠤᠨ ᠴᠦᠮ᠎ᠡ ᠶᠢᠨ ᠦᠢᠯᠡᠳᠪᠦᠷᠢ ᠶᠢᠨ ᠦᠷᠡᠨ ᠤ ᠠᠭᠤᠷᠬᠠᠢ ᠶᠢᠨ ᠬᠤᠶᠠᠳᠤᠭᠠᠷ | ᠬᠤᠭᠤᠴᠠᠭ᠎ᠠ᠂ ᠴᠠᠩᠲᠦ ᠣᠪᠣᠭᠠᠨ ᠤ ᠠᠯᠲᠠᠨ ᠠᠭᠤᠷᠬᠠᠢ᠂ ᠦᠷᠨᠢᠯᠲᠦ ᠶᠢᠨ ᠸᠣᠯᠹᠷᠠᠮ᠂ ᠮᠤᠯᠢᠪᠳᠧᠨ ᠶᠢᠨ | ᠠᠭᠤᠷᠬᠠᠢ ᠶᠢ ᠬᠠᠶᠢᠨ ᠰᠣᠩᠭᠤᠬᠤ᠂ ᠬᠦᠷᠡᠩ ᠪᠠᠭᠤᠴᠠ ᠶᠢᠨ ᠴᠢᠯᠠᠭᠤᠨ ᠲᠣᠰᠣᠨ ᠤ ᠠᠭᠤᠷᠬᠠᠢ ᠶᠢ ᠨᠡᠭᠡᠭᠡᠨ | ᠬᠥᠭᠵᠢᠭᠦᠯᠬᠦ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠠᠬᠢᠴᠠ ᠶᠢ | ᠲᠦᠷᠭᠡᠳᠬᠡᠨ᠂ ᠵᠢᠯ ᠤᠨ ᠳᠣᠲᠣᠷ᠎ᠠ ᠠᠵᠢᠯ ᠡᠬᠢᠯᠡᠬᠦ ᠪᠠᠷ ᠴᠢᠷᠮᠠᠶᠢᠨ᠎ᠠ᠃ ᠬᠡᠪᠴᠢᠶᠡᠵᠢᠭᠰᠡᠨ ᠠᠵᠤ ᠠᠬᠤᠶᠢᠯᠠᠯ ᠤᠨ | ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠱᠧᠨ ᠨᠧᠩ ᠤᠮᠠᠷᠠᠲᠤ ︵ᠰᠥᠨᠢᠳ ᠵᠡᠭᠦᠨ ᠬᠤᠰᠢᠭᠤ︶ | ᠶᠢᠨ ᠡᠨᠧᠷᠭᠢ ᠶᠢᠨ ᠨᠡᠬᠡᠬᠡᠯᠲᠡ ᠶᠢᠨ ᠬᠢᠵᠠᠭᠠᠷᠲᠤ ᠺᠣᠮᠫᠠᠨᠢ ᠶᠢ 10 ᠳ᠋ᠤᠭᠠᠷ ᠰᠠᠷ᠎ᠠ ᠳᠤ ᠬᠡᠪᠴᠢᠶᠡᠵᠢᠯ ᠠᠴᠠ | ᠳᠠᠪᠠᠭᠤᠯᠵᠤ᠂ ᠲᠤᠭ᠎ᠠ ᠪᠦᠷᠢᠳᠬᠡᠯ ᠳᠤ ᠤᠷᠤᠭᠤᠯᠬᠤ ᠠᠵᠢᠯ ᠢ ᠪᠡᠶᠡᠯᠡᠬᠦᠯᠦᠨ᠎ᠡ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠡᠷᠡᠭᠦᠯ ᠬᠦᠭᠵᠢᠯᠲᠡ ᠶᠢ ᠪᠠᠲᠤᠯᠠᠨ᠎ᠠ᠃ ᠮᠠᠩᠯᠠᠢ ᠨᠡᠭᠦᠷᠡᠰᠦᠨ ᠠᠭᠤᠷᠬᠠᠢ ᠶᠢᠨ ᠲᠣᠭᠲᠠᠭᠤᠨ | ᠦᠢᠯᠡᠳᠪᠦᠷᠢᠯᠡᠯ ᠢ ᠢᠳᠡᠪᠬᠢᠲᠡᠢ ᠪᠠᠷ ᠠᠬᠢᠭᠤᠯᠵᠤ᠂ ᠣᠷᠣᠨ ᠨᠤᠲᠤᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠪᠠ | ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠬᠠᠩᠭᠠᠨ᠎ᠠ᠃ ᠭᠤᠣᠯᠳᠠᠯᠭ᠎ᠠ ᠲᠠᠢ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ | ᠬᠡᠪᠴᠢᠶᠡᠵᠢᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠥᠷᠲᠡᠭ ᠢ 40 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠬᠦᠯᠬᠦ ᠶᠢ ᠪᠠᠲᠤᠯᠠᠵᠤ᠂ 10% ᠣᠷᠴᠢᠮ ᠨᠡᠮᠡᠭᠳᠡᠭᠦᠯᠦᠨ᠎ᠠ᠃ ᠠᠵᠤ | ᠦᠢᠯᠡᠰ ᠤᠨ ᠬᠦᠷᠢᠶᠡᠯᠡᠩ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠠᠶᠤᠯ ᠲᠠᠢ ᠬᠢᠮᠢ ᠶᠢᠨ ᠪᠤᠳᠠᠰ ᠤᠨ ᠲᠤᠰᠬᠠᠢ ᠲᠡᠷᠭᠡᠨ ᠵᠣᠭᠰᠣᠭᠠᠯ ᠢ ᠡᠬᠢᠯᠡᠨ ᠪᠠᠶᠢᠭᠤᠯᠵᠤ᠂ ᠪᠠᠷᠢᠮᠵᠢᠶᠠᠲᠤ | ᠦᠢᠯᠡᠳᠪᠦᠷᠢ ᠶᠢᠨ ᠭᠡᠷ ᠪᠠᠶᠢᠰᠢᠩ ᠤᠨ ᠲᠥᠷᠥᠯ ᠵᠦᠢᠯ ᠤᠨ ᠭᠠᠷᠳᠠᠮ ᠬᠦᠢᠴᠡᠳᠬᠡᠬᠦ ᠶᠠᠪᠤᠴᠠ ᠶᠢ ᠲᠦᠷᠭᠡᠳᠬᠡᠨ᠂ | ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ | ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠣ ᠦᠢᠯᠡᠳᠪᠦᠷᠢ ᠶᠢᠨ ᠬᠦᠷᠢᠶᠡᠯᠡᠩ ᠤᠨ | ᠵᠠᠮ᠂ ᠲᠣᠣᠷ ᠬᠤᠭᠤᠯᠠᠢ ᠪᠠ ᠪᠣᠬᠢᠷ ᠤᠰᠤ ᠰᠢᠢᠳᠪᠦᠷᠢᠯᠡᠬᠦ ᠵᠡᠷᠭᠡ ᠰᠠᠭᠤᠷᠢ ᠳᠦᠬᠦᠬᠡᠷᠤᠮᠵᠢ ᠶᠢᠨ ᠲᠥᠷᠥᠯ ᠵᠦᠢᠯ ᠢ | ᠪᠦᠷᠢᠨᠰᠢᠬᠦᠯᠦᠨ᠎ᠡ᠃ | ᠭᠤᠷᠪᠠ ᠳᠤ᠂ ᠰᠣᠶᠣᠯ ᠵᠢᠭᠤᠯᠴᠢᠯᠠᠯ ᠤᠨ ᠦᠢᠯᠡᠰ ᠢᠶᠠᠷ ᠬᠥᠲᠥᠯᠥᠮᠵᠢ ᠪᠣᠯᠭᠠᠵᠤ᠂ ᠦᠢᠯᠡᠴᠢᠯᠡᠭᠡᠨ ᠤ | ᠦᠢᠯᠡᠰ ᠤᠨ ᠲᠤᠭᠲᠠᠭᠤᠨ ᠬᠦᠭᠵᠢᠯᠲᠡ ᠶᠢ ᠠᠬᠢᠭᠤᠯᠣᠨ᠎ᠠ᠃ ᠰᠤᠶᠤᠯ ᠵᠢᠭᠤᠯᠴᠢᠯᠠᠯ ᠤᠨ ᠦᠢᠯᠡᠰ ᠢ ᠬᠦᠴᠦᠯᠡᠨ | ᠬᠦᠭᠵᠢᠬᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠪᠦᠷᠢᠨ ᠲᠦᠬᠦᠬᠡᠷᠤᠮᠵᠢᠲᠤ ᠵᠢᠭᠤᠯᠴᠢᠯᠠᠯ | ᠤᠨ ᠲᠡᠷᠬᠡᠨ ᠤ ᠪᠠᠭᠤᠴᠠ ᠵᠡᠷᠭᠡ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ | ᠠᠬᠢᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠤᠷᠤᠭᠤᠯᠤᠨ᠎ᠠ᠃ ᠮᠤᠩᠭᠤᠯ ᠠᠳᠤᠭᠤᠨ ᠤ ᠤᠨᠤᠭᠠᠴᠢ ᠶᠢᠨ | ᠪᠤᠯᠪᠠᠰᠤᠷᠠᠯ ᠪᠤᠯᠤᠨ ᠴᠢᠳᠠᠪᠬᠢ ᠶᠢ ᠰᠢᠯᠭᠠᠨ ᠲᠤᠭᠲᠠᠭᠠᠬᠤ ᠰᠠᠭᠤᠷᠢᠨ ᠭᠠᠵᠠᠷ ᠤᠨ ᠲᠦᠷᠦᠯ ᠵᠤᠶᠢᠯ ᠢ | ᠲᠦᠯᠦᠪᠵᠢᠬᠦᠯᠦᠨ ᠬᠡᠷᠡᠭᠵᠢᠬᠦᠯᠦᠨ᠎ᠡ᠃ ᠵᠢᠭᠤᠯᠴᠢᠯᠠᠯ ᠤᠨ ᠪᠠᠭᠤᠴᠠ ᠶᠢᠨ ᠳᠡᠰ ᠬᠤᠪᠢᠶᠠᠷᠢᠯᠠᠯ᠂ ᠵᠢᠭᠤᠯᠴᠢᠯᠠᠯ ᠤᠨ | ᠤᠨᠴᠠᠯᠢᠭᠲᠤ ᠪᠦᠲᠦᠬᠡᠭᠳᠡᠬᠦᠨ ᠵᠡᠷᠭᠡ ᠶᠢ ᠬᠦᠭᠵᠢᠬᠦᠯᠵᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠦᠭᠵᠢᠬᠦᠯᠦᠨ᠎ᠡ᠃ ︽ᠳᠠᠶᠠᠩ ᠳᠤ ᠠᠯᠳᠠᠷᠲᠠᠢ ᠰᠦᠨᠢᠳ ᠬᠤᠨᠢ᠂ ᠲᠠᠮᠠᠭᠠᠨ ᠰᠣᠶᠣᠯ ᠤᠨ ᠲᠠᠯ᠎ᠠ | ᠨᠣᠲᠤᠭ︾ ᠤᠨ ᠣᠨᠴᠠᠯᠢᠭᠲᠤ ᠵᠢᠭᠤᠯᠴᠢᠯᠠᠯ ᠤᠨ ᠨᠡᠷᠡᠲᠤ ᠲᠡᠮᠳᠡᠭᠳᠤ ᠶᠢ ᠴᠤᠭᠴᠠᠯᠠᠵᠤ ᠂ ᠠᠷᠪᠠᠨ ᠨᠢᠭᠡᠳᠦᠭᠡᠷ | ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠵᠢᠴᠢ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ︵ᠰᠦᠨᠢᠳ | ᠵᠡᠭᠦᠨ ᠬᠤᠰᠢᠭᠤᠨ ᠤ ᠬᠤᠪᠢᠶᠠᠷᠢ ᠲᠠᠯᠠᠪᠠᠢ︶ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ | ᠦᠷᠨᠢᠬᠦᠯᠦᠨ᠎ᠡ᠃ ᠠᠵᠠ ᠲᠤᠬᠢᠶᠠᠯ ᠢ ᠵᠠᠪᠳᠤᠨ ᠡᠯᠧᠺᠲᠷᠤᠨ ᠬᠤᠳᠠᠯᠳᠤᠭ᠎ᠠ᠂ ᠪᠠᠷᠠᠭᠠᠨ ᠤ ᠬᠦᠢᠯᠬᠡᠬᠡᠨ ᠤ ᠠᠵᠢᠯ | ᠲᠦᠷᠦᠯ ᠤᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠮᠠᠨ ᠤ ᠬᠤᠰᠢᠭᠤᠨ ᠤ ᠪᠠᠶᠢᠭᠠᠯᠢᠯᠢᠭ ᠪᠣᠬᠢᠷᠲᠤᠯ ᠦᠭᠡᠢ | ᠮᠠᠯ ᠤᠨ ᠠᠰᠢᠭ ᠰᠢᠮ᠎ᠡ᠂ ᠤᠯᠠᠮᠵᠢᠯᠠᠯᠲᠤ ᠴᠠᠭᠠᠨ ᠢᠳᠡᠭᠡ ᠵᠡᠷᠭᠡ ᠳᠠᠪᠠᠭᠤᠯᠢᠭ ᠲᠤ ᠪᠠᠨ ᠲᠦᠰᠢᠭᠯᠡᠨ᠂ | ᠪᠣᠷᠤᠯᠠᠭᠤᠯᠭ᠎ᠠ ᠶᠢᠨ ᠵᠠᠮ ᠮᠥᠷ ᠢ ᠤᠯᠠᠮ ᠨᠢᠭᠡ ᠠᠯᠬᠤᠮ ᠥᠷᠭᠡᠳᠬᠡᠵᠦ᠂ ᠪᠥᠬᠦ ᠵᠢᠯ ᠤᠨ ᠡᠯᠧᠺᠲᠷᠣᠨ ᠠᠷᠠᠯᠵᠢᠶᠠᠨ | ᠤ ᠪᠣᠷᠤᠯᠠᠭᠤᠯᠭ᠎ᠠ ᠶᠢᠨ ᠥᠷᠲᠡᠭ ᠢ 2500 ᠲᠦᠮᠡᠨ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠬᠤᠰᠢᠭᠤ᠂ | ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮᠵᠢ ᠪᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ | ᠰᠦᠯᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠮᠤ ᠪᠠᠯᠭᠠᠰᠣᠨ ᠤ ᠶᠡᠷᠦᠩᠬᠡᠶᠢᠯᠡᠭᠰᠡᠨ ᠬᠡᠲᠦ ᠳᠡᠯᠭᠡᠭᠦᠷ ᠢ | ᠵᠢᠷᠤᠮᠵᠢᠭᠤᠯᠤᠨ ᠴᠣᠭᠴᠠᠯᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 15 ᠭᠠᠴᠠᠭ᠎ᠠ | ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢ ᠰᠢᠨ᠎ᠡ ᠪᠠᠷ ᠪᠠᠶᠢᠭᠤᠯᠵᠤ᠂ ᠨᠢᠭᠡᠳᠦᠯᠲᠡᠢ | ᠲᠣᠬᠢᠷᠠᠭᠤᠯᠤᠨ ᠬᠦᠷᠭᠡᠬᠦ ᠨᠣᠷᠮ᠎ᠠ ᠶᠢ 70% ᠠᠴᠠ ᠳᠡᠭᠡᠭᠰᠢ ᠳᠤ ᠬᠦᠷᠬᠡᠨ᠎ᠡ᠃ ᠦᠢᠯᠡᠴᠢᠯᠡᠬᠡᠨ ᠤ ᠴᠢᠨᠠᠷᠲᠠᠢ | ᠠᠵᠢᠯ ᠲᠦᠷᠦᠯ ᠤᠨ ᠳᠡᠰ ᠳᠡᠪᠰᠢᠯᠲᠡ ᠶᠢᠨ ᠠᠵᠢᠯᠯᠠᠭ᠎ᠠ ᠶᠢ ᠴᠢᠩᠭᠠᠳᠬᠠᠨ᠎ᠠ᠃ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠠᠵᠢᠯ ᠲᠦᠷᠦᠯ ᠤᠨ ᠬᠠᠷᠢᠶ᠎ᠠ ᠭᠠᠵᠠᠷ ᠲᠤ ᠳᠠᠩᠰᠠᠯᠠᠭᠤᠯᠬᠤ ᠶᠢ ᠲᠦᠷᠭᠡᠳᠬᠡᠵᠦ᠂ ᠰᠠᠯᠬᠢᠨ | ᠬᠦᠴᠦᠨ ᠪᠠᠷ ᠴᠠᠬᠢᠯᠭᠠᠨ ᠭᠠᠷᠭᠠᠬᠤ ᠲᠣᠨᠤᠭ ᠳᠦᠬᠦᠭᠡᠷᠦᠮᠵᠢ ᠶᠢ ᠲᠡᠭᠡᠭᠡᠪᠦᠷᠢᠯᠡᠨ ᠬᠦᠷᠭᠡᠬᠦ᠂ ᠦᠢᠯᠡᠳᠪᠦᠷᠢᠯᠡᠯ ᠤᠨ | ᠴᠢᠨᠠᠷᠲᠠᠢ ᠳᠦᠷᠢᠶᠡᠰᠦᠯᠡᠭᠦᠯᠬᠦ ᠦᠢᠯᠡᠴᠢᠯᠡᠭᠡ᠂ ᠬᠥᠳᠡᠯᠮᠦᠷᠢ ᠬᠦᠴᠦᠨ ᠤ ᠳᠣᠮᠢᠯᠠᠯᠲᠠ ᠵᠡᠷᠭᠡ ᠬᠦᠷᠢᠶ᠎ᠡ ᠴᠠᠷ᠎ᠠ ᠪᠠ | ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠴᠢᠬᠤᠯᠠ ᠲᠦᠷᠥᠯ ᠵᠦᠢᠯ ᠳᠤ ᠠᠩᠬᠠᠷᠣᠯ ᠢᠶᠠᠨ ᠬᠠᠨᠳᠤᠭᠤᠯᠵᠤ᠂ | ᠨᠦᠬᠦᠴᠡᠯ ᠳᠤ ᠨᠡᠶᠢᠴᠡᠭᠰᠡᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠦᠬᠦᠨ ᠢ | ᠳᠠᠩᠰᠠᠯᠠᠭᠤᠯᠬᠤ ᠶᠢ ᠦᠨᠡᠨᠬᠦ ᠪᠠᠲᠤᠯᠠᠨ᠎ᠠ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠪᠥᠭᠡᠮ ᠢᠶᠠᠷ ᠪᠣᠷᠣᠯᠠᠭᠤᠯᠵᠣ ᠵᠢᠵᠢᠭᠯᠡᠨ ᠬᠤᠳᠠᠯᠳᠤᠬᠤ᠂ ᠬᠤᠭᠤᠯᠠ ᠤᠮᠳᠠ᠂ ᠰᠣᠶᠣᠯ ᠵᠢᠭᠤᠯᠴᠢᠯᠠᠯ᠂ ᠵᠤᠭ᠎ᠠ | ᠴᠡᠩᠭᠡᠯ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠡᠷᠡᠭᠦᠯ ᠮᠡᠨᠳᠤ᠂ ᠨᠠᠰᠤᠵᠢᠯ | ᠪᠠ ᠨᠢᠯᠬᠠᠰ ᠤᠨ ᠠᠰᠠᠷᠠᠮᠵᠢ᠂ ᠠᠳᠠᠯ ᠠᠬᠤᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠦᠷᠬᠡᠳᠬᠡᠨ ᠠᠬᠢᠭᠤᠯᠵᠤ᠂ | ᠠᠮᠢᠳᠤᠷᠠᠯ ᠤᠨ ᠦᠢᠯᠡᠴᠢᠯᠡᠭᠡᠨ ᠤ ᠠᠵᠢᠯ ᠲᠦᠷᠦᠯ ᠤᠨ ᠴᠢᠨᠠᠷ ᠰᠠᠶᠢᠲᠠᠢ᠂ ᠤᠯᠠᠨ ᠶᠠᠩᠵᠤᠴᠢᠯᠡᠨ ᠰᠢᠯᠢᠳᠡᠭᠵᠢᠬᠦ ᠶᠢ | ᠲᠦᠯᠬᠢᠨ ᠠᠬᠢᠭᠤᠯᠵᠤ᠂ ᠬᠡᠷᠡᠭᠯᠡᠭᠡ ᠶᠢ ᠤᠯᠠᠮ ᠨᠢᠭᠡ ᠠᠯᠬᠤᠮ ᠰᠡᠷᠭᠦᠭᠡᠨ ᠥᠷᠭᠡᠳᠬᠡᠨ᠎ᠡ᠃ | ︵ᠭᠤᠷᠪᠠ︶ ᠠᠮᠢ ᠠᠬᠤᠢ ᠶᠢᠨ ᠵᠠᠰᠠᠯᠲᠠ ᠶᠢ ᠴᠢᠩᠭᠠᠳᠬᠠᠵᠤ᠂ ︽ᠬᠤᠶᠠᠷ ᠠᠭᠤᠯᠠ︾ ᠶᠢ | ᠤᠯᠠᠷᠢᠭᠤᠯᠤᠨ ᠬᠤᠪᠢᠷᠠᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠨ᠎ᠡ | ᠨᠢᠭᠡ ᠳᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ | ᠶᠢ ᠡᠷᠡᠰ ᠲᠡᠮᠡᠴᠡᠨ ᠤᠯᠤᠨ᠎ᠠ᠃ ᠪᠥᠬᠦ ᠬᠤᠰᠢᠭᠤᠨ ᠤ ︽1+3+N︾ ᠲᠦᠯᠦᠪᠵᠢᠭᠦᠯᠭᠡ ᠶᠣᠰᠣᠭᠠᠷ᠂ ᠮᠠᠨ ᠤ | ᠬᠤᠰᠢᠭᠤᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠳᠡᠭᠡᠳᠦ ᠱᠠᠲᠤᠨ ᠤ | ᠪᠡᠯᠡ ᠮᠥᠩᠭᠦ ᠶᠢ ᠡᠷᠡᠮᠡᠯᠵᠡᠯᠡᠨ ᠣᠯᠵᠤ᠂ ᠨᠢᠰᠬᠡᠯ ᠢᠶᠠᠷ ᠳᠠᠷᠢᠵᠤ ᠣᠶᠢᠵᠢᠭᠤᠯᠬᠤ᠂ ᠡᠯᠡᠰᠦ ᠶᠢ | ᠲᠣᠭᠲᠠᠪᠤᠷᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ | ᠶᠢ ᠰᠠᠶᠢᠲᠤᠷ ᠠᠳᠬᠤᠨ᠎ᠠ᠃ ᠠᠵᠢᠯ ᠣᠯᠭᠤᠯᠲᠠ ᠪᠠᠷ ᠲᠡᠳᠬᠦᠮᠵᠢ ᠶᠢ ᠤᠷᠤᠯᠠᠭᠤᠯᠤᠨ᠂ ᠱᠠᠩᠨᠠᠨ ᠬᠥᠬᠢᠭᠦᠯᠬᠦ ᠪᠠᠷ | ᠨᠦᠬᠦᠪᠦᠷᠢ ᠶᠢ ᠤᠷᠤᠯᠠᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠲᠣᠭᠲᠠᠴᠠ ᠪᠠᠷ | ᠳᠠᠮᠵᠢᠭᠤᠯᠤᠨ᠂ ᠮᠠᠯᠴᠢᠳ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯᠡᠰᠦᠷᠬᠡᠭ ᠭᠠᠵᠠᠷ ᠢ ᠵᠠᠰᠠᠬᠤ ᠳᠤ | ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠠᠮᠢ ᠠᠬᠤᠢ ᠶᠢ ᠰᠠᠶᠢᠵᠢᠷᠠᠭᠤᠯᠬᠤ ᠪᠠ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠦᠨ ᠬᠠᠮᠲᠤᠪᠠᠷ ᠠᠰᠢᠭ ᠭᠥᠷᠳᠡᠬᠦ ᠶᠢ ᠠᠬᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠤᠨ ᠲᠥᠷᠥᠯ ᠵᠦᠢᠯ ᠢ | ᠡᠬᠢᠯᠡᠨ ᠬᠡᠷᠡᠭᠵᠢᠭᠦᠯᠵᠦ᠂ ᠬᠠᠷᠢᠶᠠᠲᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠡᠵᠡᠮᠳᠡᠵᠤ᠂ ᠰᠥᠨᠥᠭᠡᠬᠦ ᠳᠠᠶᠢᠯᠠᠯᠳᠤᠭᠠᠨ ᠤ ᠪᠠᠲᠤ ᠢᠯᠠᠯᠲᠠ ᠶᠢ ᠣᠯᠬᠤ ᠳᠤ ᠲᠤᠭ᠎ᠠ | ᠪᠠᠷᠢᠮᠲᠠ ᠶᠢᠨ ᠪᠠᠲᠤᠯᠠᠭ᠎ᠠ ᠬᠠᠩᠭᠠᠨ᠎ᠠ᠃ ᠬᠡᠲᠤᠷᠡᠳᠡᠯᠡ ᠪᠡᠯᠴᠢᠬᠡᠷᠯᠡᠬᠦᠯᠦᠭᠰᠡᠨ ᠠᠰᠠᠭᠤᠳᠠᠯ ᠢ ᠰᠢᠢᠳᠪᠤᠷᠢᠯᠡᠬᠦ | ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ | ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠪᠣᠯᠣᠨ ᠲᠠᠯ᠎ᠠ ᠨᠤᠲᠤᠭ ᠤᠨ ᠲᠡᠩᠴᠡᠭᠦᠷᠢ ᠶᠢᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠲᠤᠤᠱᠠᠲᠠᠢ ᠨᠠᠶᠢᠳᠠᠪᠤᠷᠢᠵᠢᠭᠤᠯᠵᠤ᠂ ᠨᠦᠬᠦᠪᠦᠷᠢᠯᠡᠨ ᠱᠠᠩᠨᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠷᠢᠭᠤᠴᠠᠯᠭ᠎ᠠ ᠶᠢᠨ ᠳᠥᠷᠢᠮ ᠢ ᠨᠢᠭᠲᠠ | ᠤᠶᠠᠯᠳᠤᠭᠤᠯᠤᠨ᠂ ᠮᠠᠯ ᠠᠵᠤ ᠠᠬᠤᠢ ᠶᠢᠨ ᠠᠵᠤ ᠦᠢᠯᠡᠰ ᠤᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠮᠠᠯ ᠤᠨᠤᠭ᠎ᠠ ᠶᠢᠨ ᠠᠮᠢ ᠠᠬᠤᠢ ᠳᠤ ᠦᠵᠡᠭᠦᠯᠬᠦ ᠰᠦᠷᠭᠡᠦ ᠨᠥᠯᠥᠭᠡ ᠶᠢ ᠤᠯᠠᠮ ᠨᠢᠭᠡ ᠠᠯᠬᠤᠮ ᠪᠠᠭᠠᠰᠬᠠᠨ᠂ ᠵᠢᠯ | ᠤᠨ ᠡᠴᠦᠰ ᠠᠴᠠ ᠡᠮᠦᠨ᠎ᠡ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ | ᠪᠣᠯᠲᠠᠯ᠎ᠠ ᠪᠠᠭᠤᠷᠠᠭᠤᠯᠦᠨᠡ᠃ | ᠬᠤᠶᠠᠷ ᠲᠤ ᠂ ᠠᠮᠢ ᠠᠬᠤᠢ ᠶᠢᠨ ᠬᠢᠨᠠᠯᠲᠠ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠬᠡᠮᠳᠦᠭ ᠲᠡᠭᠷᠢ ᠂ ᠴᠡᠩᠭᠡᠭ ᠤᠰᠤ ᠂ ᠰᠢᠮᠡᠲᠦ | ᠬᠥᠷᠥᠰᠥ ᠶᠢ ᠬᠠᠮᠠᠭᠠᠯᠠᠬᠤ ᠢᠯᠠᠯᠲᠠ ᠶᠢ ᠣᠯᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠨ ᠪᠠᠶᠢᠴᠠᠭᠠᠯᠳᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ | ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠯᠡᠳᠡᠭᠰᠡᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ | ᠶᠢ ᠪᠠᠲᠤᠯᠠᠨ᠎ᠠ᠃ ᠡᠩᠭᠡᠷ ᠭᠤᠣᠯ ᠤᠨ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠵᠤ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ ᠪᠠ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠤᠷᠢ ᠶᠢᠨ ᠲᠤᠭ᠎ᠠ ᠪᠠᠷᠢᠮᠲᠠ ᠶᠢ ᠬᠢᠨᠠᠨ ᠬᠠᠮᠢᠶᠠᠷᠤᠨ᠎ᠠ᠃ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ | ᠶᠢ ᠪᠥᠲᠦᠭᠡᠨ ᠪᠠᠶᠢᠭᠤᠯᠬᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠭᠠᠵᠠᠷ ᠳᠣᠣᠷᠠᠬᠢ ᠤᠰᠤ ᠶᠢ ᠰᠢᠯᠭᠠᠨ | ᠪᠠᠶᠢᠴᠠᠭᠠᠬᠤ ᠵᠡᠷᠭᠡ ᠠᠵᠢᠯ ᠢ ᠲᠦᠷᠭᠡᠳᠬᠡᠨ ᠥᠷᠨᠢᠭᠦᠯᠦᠨ᠎ᠡ᠃ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠶᠠᠪᠤᠴᠠ ᠳᠠᠬᠢ ᠤᠲᠤᠭ᠎ᠠ ᠲᠣᠭᠤᠰᠤᠨ ᠤ ᠪᠣᠬᠢᠷᠳᠤᠯ ᠢ ᠬᠢᠨᠠᠨ ᠡᠵᠡᠮᠳᠡᠬᠦ ᠵᠡᠷᠭᠡ ᠠᠵᠢᠯ ᠢ ᠴᠢᠩᠭᠠᠳᠬᠠᠨ᠂ ᠠᠭᠠᠷ | ᠤᠨ ᠶᠠᠰᠤ ᠴᠢᠨᠠᠷ ᠢ ᠪᠠᠲᠤᠯᠠᠨ᠎ᠠ᠃ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠨᠤᠨᠳᠠᠭ ᠨᠡᠬᠦᠷᠡᠰᠤ ᠵᠡᠷᠭᠡ ᠶᠡᠭᠡ | ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠠᠰᠢᠭᠯᠠᠬᠤ | ᠶᠢ ᠠᠬᠢᠭᠤᠯᠤᠨ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠪᠣᠬᠢᠷᠲᠤᠯ | ᠡᠬᠦᠰᠬᠡᠬᠦ ᠳᠠᠯᠳᠠ ᠬᠡᠮ ᠰᠤᠭᠤᠭ ᠢ ᠪᠠᠶᠢᠴᠠᠭᠠᠨ ᠴᠡᠭᠴᠡᠯᠡᠵᠤ᠂ ᠶᠢᠨ ᠮᠠ ᠬᠠᠲᠠᠭᠤ ᠪᠡᠶᠡᠲᠤ ᠬᠠᠶᠠᠭᠳᠠᠮᠠᠯ ᠪᠤᠳᠠᠰ ᠢ | ᠪᠤᠯᠠᠬᠤ ᠲᠠᠯᠠᠪᠤᠷ ᠤᠨ ᠭᠠᠷᠳᠠᠮ ᠬᠦᠢᠴᠡᠳᠬᠡᠯ ᠢ ᠪᠡᠶᠡᠯᠡᠬᠦᠯᠵᠤ᠂ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ | ᠭᠤᠷᠪᠠ ᠳᠤ᠂ ᠳᠤᠤᠷ᠎ᠠ ᠨᠡᠭᠦᠷᠡᠰᠦᠳᠦ᠋ᠷᠦᠭᠵᠢᠲᠤ ᠤᠷᠴᠢᠯ ᠬᠦᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠦᠢᠯᠡᠳᠪᠦᠷᠢᠯᠡᠯ ᠵᠦᠭ ᠰᠢᠯᠵᠢᠬᠦ ᠡᠷᠴᠢᠮ ᠢ ᠦᠷᠭᠦᠯᠵᠢᠯᠡᠨ | ᠴᠢᠩᠭᠠᠳᠬᠠᠵᠤ᠂ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠭᠤᠤᠯᠳᠠᠯᠠᠭ᠎ᠠ ᠲᠠᠢ ᠠᠳᠬᠤᠵᠤ᠂ ︽ᠪᠣᠬᠢᠷᠲᠤᠯ ᠦᠭᠡᠢ | ᠴᠠᠬᠢᠯᠭᠠᠨ ᠤ ᠠᠰᠢᠭᠯᠠᠯᠲᠠ + ᠡᠨᠧᠷᠭᠢ ᠶᠢᠨ ᠬᠤᠷᠤᠭᠳᠠᠯ ᠢ ᠡᠵᠡᠮᠳᠡᠬᠦ︾ ᠲᠤᠰᠬᠠᠢ ᠠᠵᠢᠯᠯᠠᠭ᠎ᠠ ᠶᠢ ᠢᠳᠡᠪᠬᠢᠲᠡᠢ | ᠦᠷᠨᠢᠬᠦᠯᠦᠨ᠂ ᠳᠠᠭᠠᠭᠠᠴᠠ ᠶᠢ ᠲᠣᠬᠢᠷᠠᠭᠤᠯᠬᠤ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠡᠨᠧᠷᠭᠢ | ᠶᠢᠨ ᠬᠤᠷᠤᠭᠳᠠᠯ ᠢᠶᠠᠷ ᠶᠡᠭᠡ ᠲᠥᠷᠥᠯ ᠵᠦᠢᠯ ᠢ ᠪᠣᠬᠢᠷᠲᠤᠯ ᠦᠭᠡᠢ ᠴᠠᠬᠢᠯᠭᠠᠨ ᠢᠶᠠᠷ ᠤᠷᠤᠯᠠᠭᠤᠯᠤᠨ᠎ᠠ᠃ ᠰᠢᠨ᠎ᠡ | ᠡᠬᠡᠯᠵᠢ ᠶᠢᠨ ᠠᠭᠤᠷᠬᠠᠢ ᠬᠠᠶᠢᠬᠤ ᠠᠵᠢᠯᠯᠠᠭ᠎ᠠ ᠶᠢ ᠢᠳᠡᠪᠬᠢᠲᠡᠢ ᠦᠷᠨᠢᠬᠦᠯᠵᠤ᠂ ᠡᠬᠢ ᠪᠠᠶᠠᠯᠢᠭ ᠢ ᠥᠨᠳᠦᠷ | ᠪᠥᠲᠦᠮᠵᠢᠲᠡᠢ ᠪᠠᠷ ᠠᠰᠢᠭᠯᠠᠬᠤ ᠶᠢ ᠪᠠᠲᠤᠯᠠᠵᠤ᠂ ᠪᠤᠬᠢᠷᠳᠤᠯ ᠦᠬᠡᠢ ᠠᠭᠤᠷᠬᠠᠢ ᠶᠢᠨ ᠤᠷᠤᠨ ᠢ ᠪᠠᠶᠢᠭᠤᠯᠬᠤ | ᠬᠦᠴᠦᠯᠡᠴᠡ ᠪᠠᠨ ᠴᠢᠩᠭᠠᠳᠬᠠᠨ᠂ ᠵᠦᠩ ᠡᠾᠧ ᠠᠭᠤᠷᠬᠠᠢ ᠶᠢᠨ ᠦᠢᠯᠡᠰ᠂ ᠶᠢᠨ ᠵᠦᠩ ᠠᠭᠤᠷᠬᠠᠢ ᠶᠢᠨ ᠦᠢᠯᠡᠰ | ᠤᠨ ᠪᠦᠲᠦᠬᠡᠨ ᠪᠠᠶᠢᠭᠤᠯᠬᠤ ᠡᠬᠦᠷᠬᠡ ᠶᠢ ᠴᠢᠨᠠᠷ ᠰᠠᠶᠢᠲᠠᠢ ᠪᠡᠶᠡᠯᠡᠬᠦᠯᠦᠨ᠎ᠡ᠃ ᠮᠠᠩᠯᠠᠢ ᠨᠡᠭᠦᠷᠡᠰᠦᠨ ᠠᠭᠤᠷᠬᠠᠢ ᠶᠢᠨ | ᠠᠮᠢ ᠠᠬᠤᠢ ᠶᠢᠨ ᠰᠡᠷᠭᠦᠭᠡᠯᠲᠡ ᠶᠢᠨ ᠦᠨᠡᠯᠡᠯᠲᠡ ᠶᠢᠨ ᠲᠠᠰ ᠢ ︽ᠪᠠᠷᠤᠭᠲᠠᠢ︾ ᠪᠠᠶᠢᠭᠰᠠᠨ ᠠᠴᠠ ︽ᠳᠤᠮᠳᠠ︾ | ᠳᠠᠰ ᠪᠣᠯᠭᠠᠨ᠎ᠠ᠃ | ︵ᠳᠥᠷᠪᠡ︶ ᠬᠤᠲᠠ ᠬᠥᠳᠡᠭᠡ ᠶᠢᠨ ᠠᠭᠤᠰᠤᠯᠴᠠᠯ ᠢ ᠬᠦᠴᠦᠯᠡᠨ ᠠᠬᠢᠭᠤᠯᠵᠤ᠂ ᠣᠷᠣᠰᠢᠨ ᠠᠮᠢᠳᠤᠷᠠᠬᠤ | ᠂ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠤᠷᠴᠢᠨ ᠠᠬᠤᠢ ᠶᠢ ᠴᠤᠭᠴᠠᠯᠠᠨ᠎ᠠ | ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠳᠠᠶᠢᠯᠠᠯᠳᠣᠭᠠᠨ ᠤ ᠦᠷ᠎ᠡ ᠪᠦᠲᠦᠭᠡᠯ ᠢᠶᠠᠨ ᠪᠠᠬᠢᠵᠢᠭᠦᠯᠬᠦ | ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠬᠢᠨᠠᠨ ᠬᠡᠮᠵᠢᠬᠦ ᠵᠢᠴᠢ | ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠬᠦᠯᠦᠨ᠎ᠡ᠃ ᠬᠦᠴᠢᠷᠳᠡᠯᠲᠡᠢ ᠣᠯᠠᠨ ᠲᠦᠮᠡᠨ ᠤ | ᠠᠵᠤ ᠦᠢᠯᠡᠰ ᠢ ᠲᠡᠳᠬᠦᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠬᠠᠩᠭᠠᠬᠤ᠂ ᠲᠥᠷᠥ ᠶᠢᠨ ᠪᠣᠳᠣᠯᠭ᠎ᠠ ᠪᠠᠷ | ᠦᠨᠳᠦᠰᠦᠨ ᠵᠦᠢᠯ ᠢ ᠪᠠᠲᠤᠯᠠᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠡᠭᠡ ᠬᠡᠪᠴᠢᠶ᠎ᠡ ᠪᠠᠷ | ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠳᠡᠭᠡᠳᠤ ᠱᠠᠲᠤᠨ ᠤ 5000 ᠭᠠᠷᠤᠢ ᠲᠦᠮᠡᠨ ᠲᠦᠬᠦᠷᠢᠭ ᠢ | ᠡᠷᠡᠮᠡᠯᠵᠡᠯᠡᠵᠤ᠂ 13 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠬᠦᠯᠦᠨ᠎ᠡ᠃ | ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ | ᠮᠠᠯ ᠵᠢᠭᠦᠷᠲᠡᠨ ᠤ ᠢᠯᠭᠠᠳᠠᠰᠣ ᠶᠢᠨ ᠡᠬᠢ ᠪᠠᠶᠠᠯᠢᠭ ᠤᠨ ᠠᠰᠢᠭᠯᠠᠯᠲᠠ ᠶᠢ ᠪᠥᠬᠦ ᠬᠤᠰᠢᠭᠤᠨ ᠳᠤ ᠲᠦᠯᠬᠢᠨ | ᠠᠬᠢᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ | ᠬᠤᠷᠢᠶᠠᠨ ᠴᠤᠭᠯᠠᠭᠤᠯᠬᠤ ᠴᠡᠭ ᠪᠠ ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠬᠤ ᠶᠢ | ᠲᠦᠷᠭᠡᠳᠬᠡᠨ᠎ᠡ᠃ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ 150 ᠢᠵᠢ ᠡᠷᠦᠬᠡ ᠶᠢᠨ ᠵᠣᠷᠯᠣᠩ ᠢ | ᠰᠢᠨ᠎ᠡ ᠪᠠᠷ ᠪᠠᠶᠢᠭᠤᠯᠤᠨ᠎ᠠ᠃ ᠤᠯᠤᠰ᠂ ᠣᠷᠣᠨ ᠤ ᠳᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶᠡᠴᠢ ᠭᠠᠴᠠᠭ᠎ᠠ ᠶᠢ ᠴᠤᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠶᠢᠮᠠᠭ ᠤᠨ | ᠳᠡᠰ ᠤᠨ ᠵᠢᠱᠢᠶᠡᠴᠢ ᠭᠠᠴᠠᠭ᠎ᠠ ᠶᠢ ᠬᠢᠨᠠᠨ ᠰᠢᠯᠭᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ | ᠲᠠᠢ ᠭᠠᠴᠠᠭᠠᠨ ᠤ ᠡᠴᠦᠰ ᠤᠨ ᠬᠤᠭᠤᠴᠠᠭᠠᠨ ᠤ ᠵᠢᠱᠢᠨ ᠦᠨᠡᠯᠡᠯᠲᠡ ᠶᠢ ᠴᠢᠨᠠᠷᠵᠢᠭᠤᠨ ᠪᠡᠶᠡᠯᠡᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ | ᠬᠤᠶᠠᠷ ᠲᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠪᠠᠯᠭᠠᠰᠤ ᠶᠢ ᠪᠠᠶᠢᠭᠤᠯᠣᠨ᠎ᠠ᠃ ︽ | ᠳᠤᠯᠠᠭᠠᠯᠭ᠎ᠠ ᠶᠢᠨ ᠢᠨᠵᠧᠨᠧᠷᠢᠩ︾ ᠪᠠ ︽ᠡᠪᠦᠯ ᠤᠨ ᠭᠡᠮ ᠢ ᠵᠣᠨ ᠵᠠᠰᠠᠬᠤ︾ ᠠᠵᠢᠯ ᠢ ᠪᠥᠬᠦ ᠲᠠᠯ᠎ᠠ ᠪᠠᠷ | ᠰᠠᠶᠢᠲᠤᠷ ᠬᠡᠷᠡᠭᠵᠢᠭᠦᠯᠵᠦ᠂ 3500 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠴᠣᠭᠯᠠᠭᠤᠯᠵᠤ᠂ | ᠲᠥᠪᠯᠡᠷᠡᠭᠦᠯᠦᠨ ᠳᠤᠯᠠᠭᠠᠯᠭ᠎ᠠ ᠬᠠᠩᠭᠠᠬᠤ ᠬᠤᠭᠤᠯᠠᠢ ᠶᠢᠨ ᠰᠢᠰᠲ᠋ᠧᠮ ᠤᠨ ᠥᠭᠡᠷᠡᠴᠢᠯᠡᠯᠲᠡ᠂ ᠰᠢᠨ᠎ᠡ ᠪᠠᠷ | ᠪᠠᠶᠢᠭᠤᠯᠤᠭᠰᠠᠨ ᠢᠯᠴᠢ ᠰᠣᠯᠢᠬᠤ ᠥᠷᠲᠡᠭᠡ᠂ ᠣᠶᠤᠨᠴᠢᠯᠠᠭᠰᠠᠨ ᠳᠣᠯᠠᠭᠠᠯᠭ᠎ᠠ ᠶᠢᠨ ᠦᠢᠯᠡᠴᠢᠯᠡᠭᠡ ᠶᠢ | ᠰᠢᠯᠢᠳᠡᠭᠵᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠬᠤᠲᠠ | ᠪᠠᠯᠭᠠᠰᠥᠨ ᠤ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠤᠰᠤ ᠭᠠᠳᠠᠭᠰᠢᠯᠠᠭᠤᠯᠵᠤ ᠦᠶᠡᠷ ᠢ ᠰᠡᠷᠭᠡᠶᠢᠯᠡᠬᠦ | ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ | ᠭᠡᠷ ᠬᠦᠷᠦᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠰᠢᠲᠠᠮᠠᠬᠠᠢ ᠬᠡᠢ᠂ | ᠤᠰᠤ ᠴᠠᠬᠢᠯᠭᠠᠨ ᠬᠠᠩᠭᠠᠬᠤ ᠵᠡᠷᠭᠡ ᠬᠦᠷᠢᠶ᠎ᠡ ᠬᠡᠪᠴᠢᠶᠡᠨ ᠤ ᠳᠠᠯᠳᠠ ᠬᠡᠮ ᠢ ᠪᠠᠶᠢᠴᠠᠭᠠᠨ ᠴᠡᠭᠴᠡᠯᠡᠬᠦ ᠪᠠ | ᠵᠢᠷᠤᠮᠵᠢᠭᠤᠯᠤᠨ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠤᠲᠠ ᠪᠠᠯᠭᠠᠰᠤᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠣᠯᠠᠨ ᠨᠡᠶᠢᠲᠡ ᠶᠢᠨ ᠲᠦᠭᠦᠭᠡᠷᠦᠮᠵᠢ ᠶᠢ ᠰᠢᠨᠡᠳᠬᠡᠨ ᠬᠠᠮᠠᠭᠠᠯᠠᠬᠤ ᠶᠢ ᠴᠢᠩᠭᠠᠳᠬᠠᠨ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠡᠷᠡᠭᠦᠯ ᠬᠠᠮᠠᠭᠠᠯᠠᠯ ᠤᠨ | ᠬᠤᠰᠢᠭᠤ ᠪᠠ ᠪᠣᠯᠪᠠᠰᠤᠨ ᠬᠤᠲᠠ︾ ᠶᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ᠎ᠡ | ᠃ | ᠭᠤᠷᠪᠠ ᠳᠤ᠂ ︽ᠤᠤᠭᠤᠬᠤ ᠤᠰᠤ᠂ ᠴᠠᠬᠢᠯᠭᠠᠨ ᠬᠤᠯᠪᠤᠭ᠎ᠠ᠂ ᠵᠠᠮ ᠬᠠᠷᠢᠯᠴᠠᠭ᠎ᠠ᠂ ᠴᠢᠮᠡᠭᠡ | ᠨᠡᠪᠲᠡᠷᠡᠬᠦᠯᠬᠡ︾ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ | ᠴᠢᠳᠠᠪᠬᠢ ᠶᠢ ᠳᠡᠭᠡᠭᠰᠢᠯᠡᠭᠦᠯᠵᠦ᠂ ᠳᠡᠭᠡᠳᠦ ᠱᠠᠲᠤᠨ ᠤ 3300 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ | ᠡᠷᠡᠮᠡᠯᠵᠡᠯᠡᠵᠤ᠂ ᠨᠣᠭᠤᠰᠣᠲᠠᠢ ᠭᠤᠣᠯ ᠤᠨ ᠦᠶᠡᠷ ᠰᠡᠷᠭᠡᠶᠢᠯᠡᠬᠦ ᠢᠨᠵᠧᠨᠧᠷᠢᠩ ᠢ ᠰᠢᠨ᠎ᠡ ᠢᠶᠠᠷ ᠪᠠᠶᠢᠭᠤᠯᠵᠤ᠂ 96 | ᠠᠮᠠᠰᠠᠷ ᠬᠤᠳᠳᠤᠭ ᠮᠠᠯᠲᠠᠵᠤ᠂ 152 ᠡᠷᠦᠬᠡ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠤᠷᠢᠯᠡᠨ᠎ᠡ᠃ | ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠴᠠᠬᠢᠯᠭᠠᠨ ᠨᠡᠪᠲᠡᠷᠡᠬᠦᠯᠬᠦ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 1005 ᠡᠷᠦᠬᠡ ᠳᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ | ᠳᠦᠬᠦᠬᠡᠷᠤᠮᠵᠢ ᠶᠢ ᠤᠭᠰᠠᠷᠠᠨ᠂ 537 ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ | ᠰᠢᠯᠢᠳᠡᠭᠵᠢᠭᠦᠯᠵᠦ᠂ ᠮᠠᠯᠵᠢᠬᠤ ᠣᠷᠣᠨ ᠤ ᠴᠠᠬᠢᠯᠭᠠᠨ ᠨᠡᠪᠲᠡᠷᠡᠭᠰᠡᠨ ᠨᠤᠷᠮ᠎ᠠ ᠶᠢ 44% ᠠᠴᠠ ᠳᠡᠭᠡᠭᠰᠢ ᠳᠤ | ᠬᠦᠷᠬᠡᠨ᠎ᠡ᠃ ᠬᠢᠯᠢ ᠬᠢᠵᠠᠭᠠᠷ ᠤᠷᠤᠨ ᠤ 345 ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠬᠦᠯᠬᠦ ᠪᠠᠷ ᠴᠢᠷᠮᠠᠶᠢᠨ᠎ᠠ᠃ | ᠵᠠᠮ ᠬᠠᠷᠢᠯᠴᠠᠭ᠎ᠠ ᠪᠠ ᠴᠢᠮᠡᠭᠡ ᠨᠡᠪᠳᠡᠷᠡᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 95 ᠺᠢᠯᠣᠮᠧᠲᠷ | ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠵᠠᠰᠠᠵᠤ᠂ 115.7 ᠺᠢᠯᠣᠮᠧᠲᠷ ᠵᠠᠮ ᠢ ᠰᠡᠯᠪᠢᠨ ᠵᠠᠰᠠᠨ᠎ᠠ᠃ | ᠮᠠᠯᠵᠢᠬᠤ ᠣᠷᠣᠨ ᠤ ᠰᠦᠯᠵᠢᠶᠡᠨ ᠳᠣᠬᠢᠶᠠᠨ ᠤ ᠪᠦᠷᠬᠦᠴᠡ ᠶᠢᠨ ᠢᠨᠵᠧᠨᠧᠷᠢᠩ ᠪᠠ ︽ᠣᠶᠤᠨᠲᠤ ᠷᠠᠳᠢᠣ᠋ ᠲᠧᠯᠸᠢᠰ︾ | ᠤᠨ ᠬᠢᠯᠢ ᠬᠢᠵᠠᠭᠠᠷ ᠤᠷᠤᠨ ᠢ ᠪᠠᠬᠢᠵᠢᠭᠦᠯᠬᠦ ᠠᠵᠢᠯᠯᠠᠭ᠎ᠠ ᠢ ᠠᠬᠢᠭᠤᠯᠵᠤ᠂ 22 ᠰᠠᠭᠤᠷᠢ 4G ᠥᠷᠲᠡᠭᠡ ᠶᠢ | ᠰᠢᠨ᠎ᠡ ᠪᠠᠷ ᠪᠠᠶᠢᠭᠤᠯᠵᠤ᠂ ᠷᠠᠳᠢᠣ᠋ ᠲᠧᠯᠸᠢᠰ ᠤᠨ ᠳᠣᠬᠢᠶᠠᠨ ᠤ ᠪᠦᠷᠬᠦᠴᠡ ᠶᠢᠨ ᠨᠣᠷᠮ᠎ᠠ ᠶᠢ 95% ᠠᠴᠠ ᠳᠡᠭᠡᠭᠰᠢ | ᠳᠤ ᠬᠦᠷᠬᠡᠨ᠎ᠡ᠃ | ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠯᠡᠨ ᠨᠡᠮᠡᠭᠳᠡᠭᠦᠯᠵᠦ᠂ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ | ᠨᠢᠭᠡ ᠳᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠬᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠲᠠᠢ ᠪᠠᠷ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ | ᠪᠠᠯᠭᠠᠰᠤᠨ ᠤ 400 ᠭᠠᠷᠤᠢ ᠬᠥᠮᠥᠨ ᠳᠤ ᠰᠢᠨ᠎ᠡ ᠪᠠᠷ ᠠᠵᠢᠯ ᠤᠯᠭᠤᠵᠤ᠂ ᠰᠦᠨᠢᠳ ᠵᠡᠬᠦᠨ ᠬᠤᠰᠢᠭᠤᠨ ᠤ | ᠣᠯᠠᠨ ᠨᠡᠶᠢᠲᠡ ᠶᠢᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ | ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠨᠠᠷᠢᠯᠢᠭ | ᠥᠷᠨᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠴᠠᠭ ᠲᠤᠬᠠᠢ ᠳᠤ ᠨᠢ ᠰᠢᠢᠳᠪᠤᠷᠢᠯᠡᠨ᠎ᠡ᠃ ᠪᠥᠬᠦ ᠠᠷᠠᠳ ᠢᠶᠠᠷ | ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ 11 ᠬᠢᠯᠢ ᠶᠢᠨ ᠭᠠᠴᠠᠭᠠᠨ ᠤ | ᠮᠠᠯᠴᠢᠳ ᠤᠨ ᠨᠠᠰᠤᠵᠢᠯ ᠤᠨ ᠳᠠᠭᠠᠳᠬᠠᠯ ᠳᠤ ᠨᠦᠬᠦᠪᠦᠷᠢ ᠤᠯᠭᠤᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠂ | ᠭᠠᠴᠠᠭᠠᠨ ᠤ ᠬᠠᠮᠲᠤ ᠶᠢᠨ ᠠᠵᠤ ᠠᠬᠤᠢ ᠠᠴᠠ ᠮᠠᠯᠴᠢᠳ ᠤᠨ ᠨᠠᠰᠤᠵᠢᠯ ᠤᠨ ᠳᠠᠭᠠᠳᠬᠠᠯ ᠢ ᠨᠦᠬᠦᠪᠦᠷᠢᠯᠡᠬᠦ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ | 95% ᠠᠴᠠ ᠳᠡᠭᠡᠭᠰᠢ ᠪᠠᠶᠢᠯᠭᠠᠵᠣ᠂ ᠣᠨᠴᠠ ᠬᠦᠴᠢᠷᠳᠡᠯᠲᠡᠢ ᠬᠥᠮᠥᠰ ᠤᠨ ᠲᠡᠳᠬᠦᠮᠵᠢ ᠶᠢ ᠪᠣᠳᠠᠲᠠᠶᠢᠵᠢᠭᠤᠯᠤᠭᠰᠠᠨ | ᠨᠣᠷᠮ᠎ᠠ ᠪᠠ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠴᠥᠮ 100% ᠳᠤ ᠬᠦᠷᠬᠡᠨ᠎ᠡ᠃ ᠨᠠᠮ ᠵᠠᠰᠠᠭ ᠤᠨ | ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠶᠢᠨ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ | ᠶᠢᠨ ᠪᠠᠶᠢᠴᠠᠭᠠᠯᠲᠠ ᠬᠢᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠬᠦ ᠶᠢᠨ ᠬᠠᠮᠲᠤ ᠰᠤᠮᠤ ᠪᠠᠯᠭᠠᠰᠤᠨ ᠤ ᠠᠵᠢᠯ ᠦᠢᠯᠡᠰ | ᠤᠨ ᠨᠢᠭᠡᠴᠡ ᠶᠢᠨ ᠠᠵᠢᠯᠲᠠᠨ ᠳᠤ ᠵᠠᠮ ᠬᠠᠷᠢᠯᠴᠠᠭᠠᠨ ᠤ ᠨᠦᠬᠦᠪᠦᠷᠢ ᠤᠯᠭᠤᠨ᠎ᠠ᠃ ᠨᠡᠶᠢᠭᠡᠮ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠡᠳᠦᠷ ᠲᠤᠲᠤᠮ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ PPP ᠲᠥᠷᠥᠯ ᠵᠦᠢᠯ ᠢ ᠵᠢᠯ ᠤᠨ ᠡᠬᠢᠨ ᠳᠤ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠎ᠠ᠃ ᠤᠷᠤᠰᠢᠭᠤᠯᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠩᠭᠤᠨ ᠪᠠ ᠦᠷᠡᠭᠳᠡᠭᠰᠡᠨ ᠪᠠᠭᠠᠲᠤᠷᠴᠤᠳ ᠤᠨ ᠬᠥᠷᠢᠶᠡᠯᠡᠩ ᠢ | ᠲᠦᠯᠦᠪᠵᠢᠬᠦᠯᠦᠨ ᠪᠠᠶᠢᠭᠤᠯᠬᠤ ᠠᠬᠢᠴᠠ ᠶᠢ ᠲᠦᠷᠬᠡᠳᠬᠡᠨ᠎ᠡ᠃ | ᠬᠤᠶᠠᠷ ᠲᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠬᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ | ᠵᠢᠭᠠᠨ ᠰᠤᠷᠭᠠᠯᠲᠠ ᠶᠢᠨ ᠠᠵᠢᠯ ᠢ ᠬᠥᠴᠥᠯᠡᠨ ᠠᠬᠢᠭᠤᠯᠵᠤ᠂ ᠪᠠᠭᠰᠢ ᠶᠢ ᠪᠠᠶᠢᠷᠢ ᠰᠢᠯᠵᠢᠬᠦᠯᠦᠨ ᠳᠦᠪᠬᠢᠨᠡᠬᠦᠯᠬᠦ ᠪᠠ | ᠬᠢᠷᠢ ᠬᠡᠮ ᠤᠨ ᠪᠤᠯᠪᠠᠰᠤᠷᠠᠯ ᠢ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠠᠳᠬᠤᠵᠤ᠂ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠦᠬᠦ ᠲᠠᠯ᠎ᠠ ᠪᠠᠷ ᠬᠡᠷᠡᠭᠵᠢᠬᠦᠯᠬᠦ ᠶᠢ ᠪᠠᠲᠤᠯᠠᠨ᠎ᠠ᠃ ᠰᠠᠭᠤᠷᠢ | ᠰᠤᠷᠭᠠᠨ ᠬᠦᠮᠦᠵᠢᠯ ᠪᠤᠯᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠵᠤ᠂ | ᠬᠤᠰᠢᠭᠤ ᠳᠡᠰ ᠤᠨ ᠨᠡᠷᠡᠲᠤ ᠪᠠᠭᠰᠢ ᠶᠢᠨ ᠠᠵᠢᠯᠯᠠᠬᠤ ᠲᠠᠰᠤᠭ ᠤᠨ ᠬᠢᠨᠠᠨ ᠲᠤᠭᠲᠠᠭᠠᠯᠲᠠ ᠶᠢᠨ ᠠᠬᠢᠴᠠ ᠶᠢ | ᠲᠦᠷᠭᠡᠳᠬᠡᠵᠦ᠂ ᠬᠤᠰᠢᠭᠤ ᠱᠠᠲᠤᠨ ᠤ ᠪᠠᠭᠰᠢ ᠶᠢᠨ ᠪᠤᠯᠪᠠᠰᠤᠷᠠᠯ ᠢ 500 ᠬᠥᠮᠥᠨ ᠤᠳᠠᠭ᠎ᠠ ᠪᠡᠶᠡᠯᠡᠭᠦᠯᠦᠨ᠎ᠡ᠃ | ᠤᠯᠤᠰ ᠤᠨ ᠲᠦᠭᠡᠮᠡᠯ ᠬᠠᠷᠠᠭᠠᠯᠵᠠᠯ ᠤᠨ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠴᠢᠨᠠᠷ ᠰᠠᠶᠢᠲᠠᠢ | ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠦᠷᠢᠮᠵᠢᠭᠰᠡᠨ ᠰᠤᠷᠭᠠᠭᠤᠯᠢ ᠡᠷᠭᠢᠯᠡᠬᠦ᠂ | ᠬᠢᠴᠢᠶᠡᠯ ᠤᠨ ᠳᠠᠷᠠᠭᠠᠬᠢ ᠦᠢᠯᠡᠴᠢᠯᠡᠭᠡ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠵᠢᠩᠬᠢᠨᠢ ᠠᠩᠭᠢ | ᠳᠤ ᠡᠯᠰᠡᠭᠳᠡᠬᠦ ᠨᠣᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠬᠥᠴᠥᠯᠡᠨ ᠠᠬᠢᠭᠤᠯᠵᠤ᠂ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠨᠢ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠨ ᠴᠢᠨᠠᠷᠵᠢᠭᠤᠯᠬᠤ ᠶᠢ | ᠠᠬᠢᠭᠤᠯᠤᠨ᠎ᠠ᠃ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠦᠨᠳᠦᠰᠦᠨ ᠰᠠᠭᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠲᠤᠷᠰᠢᠯᠲᠠ ᠪᠤᠯᠪᠠᠰᠤᠷᠠᠯ ᠤᠨ ᠠᠰᠠᠷ ᠢ ᠪᠦᠲᠦᠭᠡᠨ ᠪᠠᠶᠢᠭᠤᠯᠤᠨ᠂ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠪᠠᠬᠢᠵᠢᠬᠦᠯᠬᠦ᠂ ᠬᠤᠶᠠᠳᠤᠭᠠᠷ ᠪᠠᠭ᠎ᠠ ᠰᠤᠷᠭᠠᠭᠤᠯᠢ ᠶᠢ ᠰᠡᠯᠪᠢᠨ | ᠵᠠᠰᠠᠵᠤ ᠥᠭᠡᠷᠡᠴᠢᠯᠡᠬᠦ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠬᠦᠳᠡᠯᠭᠡᠭᠡᠨ ᠤ ᠠᠰᠠᠷ ᠢ | ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠶᠠᠪᠤᠭᠳᠠᠭᠤᠯᠤᠨ᠎ᠠ᠃ ︽ᠰᠤᠷᠤᠭᠴᠢ ᠪᠠᠨ | ᠬᠠᠮᠠᠭᠠᠯᠠᠨ ᠰᠤᠷᠭᠠᠭᠤᠯᠢ ᠪᠠᠨ ᠲᠤᠭᠲᠠᠪᠤᠷᠢᠵᠢᠭᠤᠯᠬᠤ︾ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠦᠷᠭᠦᠯᠵᠢᠯᠡᠨ ᠴᠢᠩᠭᠠᠳᠬᠠᠵᠤ᠂ | ᠠᠮᠤᠷ ᠲᠦᠪᠰᠢᠨ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ | ᠭᠤᠷᠪᠠ ᠳᠤ᠂ ᠠᠷᠠᠳ ᠲᠥᠮᠡᠨ ᠤ ᠡᠷᠡᠭᠦᠯ ᠮᠡᠨᠳᠦ ᠶᠢ ᠥᠨᠡᠨᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠡᠮᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠬᠢ ᠶᠢᠨ | ᠪᠠᠶᠢᠭᠤᠯᠤᠯᠲᠠ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ | ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠵᠡᠷᠬᠡ ᠳᠦᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ | ᠪᠦᠰᠡ ᠶᠢᠨ ᠲᠡᠩᠴᠡᠭᠦᠷᠢᠲᠡᠢ ᠪᠠᠶᠢᠷᠢᠯᠠᠭᠤᠯᠤᠯᠲᠠ ᠶᠢ ᠠᠬᠢᠭᠤᠯᠤᠨ᠎ᠠ᠃ ᠬᠢᠲᠠᠳ ︵ᠮᠣᠩᠭᠤᠯ︶ ᠡᠮᠨᠡᠯᠭᠡ ᠶᠢᠨ | ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠪᠠ | ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ᠂ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ | ᠥᠮᠡᠨ︾ ᠢ ᠰᠢᠭᠰᠢᠨ ᠪᠠᠶᠢᠴᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠬᠤᠰᠢᠭᠤ ᠠᠷᠠᠳ | ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠪᠡᠳᠴᠢᠲᠡᠨ ᠤ ᠠᠰᠠᠷ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠦᠷᠭᠡᠳᠬᠡᠵᠤ᠂ ᠵᠢᠯ ᠤᠨ ᠡᠬᠢᠨ ᠳᠤ ᠪᠠᠶᠢᠭᠤᠯᠤᠨ ᠳᠠᠭᠤᠰᠬᠠᠨ᠎ᠠ᠃ ᠬᠤᠰᠢᠭᠤ ᠠᠷᠠᠳ ᠤᠨ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠦᠢᠯᠡᠴᠢᠯᠡᠭᠡ ᠶᠢ ᠰᠢᠨᠡᠳᠴᠢᠯᠡᠨ ᠥᠭᠡᠷᠡᠴᠢᠯᠡᠬᠦ᠂ ᠡᠬᠡ ᠨᠢᠯᠬᠠᠰ ᠤᠨ ᠡᠷᠡᠭᠦᠯᠵᠢᠯ ᠤᠨ | ᠲᠥᠪ ᠤᠨ ᠡᠮᠴᠢᠯᠡᠭᠡᠨ ᠤ ᠲᠥᠬᠦᠭᠡᠷᠦᠮᠵᠢ ᠶᠢ ᠬᠤᠳᠠᠯᠳᠤᠨ ᠠᠪᠬᠤ᠂ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ | ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢᠨ ᠲᠥᠪ ᠢ ᠰᠢᠨ᠎ᠡ ᠪᠠᠷ ᠪᠠᠶᠢᠭᠤᠯᠬᠤ ᠵᠡᠷᠭᠡ ᠲᠥᠷᠥᠯ ᠵᠦᠢᠯ ᠢ | ᠨᠠᠷᠢᠨ ᠬᠢᠨᠠᠮᠠᠭᠠᠢ ᠲᠦᠰᠦᠪᠯᠡᠵᠤ᠂ ᠵᠢᠯ ᠤᠨ ᠳᠣᠲᠣᠷ᠎ᠠ ᠡᠬᠢᠯᠡᠭᠦᠯᠦᠨ ᠬᠡᠷᠡᠭᠵᠢᠬᠦᠯᠦᠨ᠎ᠡ᠃ ᠬᠤᠰᠢᠭᠤ ᠠᠷᠠᠳ ᠤᠨ | ᠡᠮᠨᠡᠯᠬᠡ ᠶᠢᠨ ᠬᠤᠷᠢᠶᠠᠨ ᠤ ᠵᠢᠷᠮᠤᠰᠤᠨ ᠪᠠ ᠨᠢᠯᠬ᠎ᠠ ᠬᠡᠤᠬᠡᠳ ᠢ ᠠᠪᠤᠷᠠᠨ ᠡᠮᠴᠢᠯᠡᠬᠦ ᠲᠦᠪ ᠢ ᠳᠡᠰ ᠳᠡᠪᠰᠢᠬᠦᠯᠵᠤ᠂ | ᠬᠤᠶᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶᠠᠨ ᠤ ᠳᠡᠰ ᠲᠤᠭᠲᠠᠭᠠᠯᠲᠠ ᠳᠤ ᠬᠢᠷᠢ ᠲᠡᠩᠴᠡᠬᠦ | ᠶᠢ ᠴᠢᠷᠮᠠᠶᠢᠨ ᠪᠡᠶᠡᠯᠡᠬᠦᠯᠦᠨ᠎ᠡ᠃ ᠡᠮᠴᠢ ᠰᠤᠪᠢᠯᠠᠭᠴᠢ ᠶᠢᠨ ᠪᠤᠯᠪᠠᠰᠤᠷᠠᠯ ᠤᠨ ᠡᠷᠴᠢᠮ ᠢ ᠴᠢᠩᠭᠠᠳᠬᠠᠨ᠂ ᠵᠢᠯ ᠤᠨ | ᠳᠣᠲᠣᠷ᠎ᠠ 8 ᠨᠡᠷ᠎ᠡ ᠠᠵᠢᠯ ᠦᠢᠯᠡᠰ ᠤᠨ ᠣᠷᠣᠨ ᠲᠣᠭᠠᠨ ᠤ ᠡᠮᠨᠡᠯᠭᠡ ᠶᠢᠨ ᠠᠵᠢᠯᠲᠠᠨ ᠢ ᠡᠯᠰᠡᠨ ᠬᠡᠷᠡᠭᠯᠡᠵᠦ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠦᠴᠦᠨ ᠢ ᠤᠯᠠᠮ ᠨᠢᠬᠡ ᠠᠯᠬᠤᠮ ᠳᠡᠬᠦᠯᠳᠡᠷᠵᠢᠬᠦᠯᠦᠨ᠎ᠡ᠃ | ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠪᠠ ᠡᠷᠡᠭᠦᠯ ᠮᠡᠨᠳᠦ ᠶᠢᠨ ᠬᠦᠮᠦᠵᠢᠯ ᠤᠨ | ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠤᠯ | ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠠᠳᠬᠤᠵᠤ᠂ ᠬᠤᠯᠤᠭᠠᠨ᠎ᠠ ᠶᠢᠨ ᠬᠢᠵᠢᠭ | ᠡᠭᠦᠰᠬᠦ ᠶᠢ ᠪᠠᠲᠤ ᠰᠡᠷᠭᠡᠶᠢᠯᠡᠨ᠎ᠡ᠃ | ᠳᠥᠷᠪᠡ ᠳᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠦᠬᠦ ᠲᠠᠯ᠎ᠠ ᠪᠠᠷ | ᠴᠢᠩᠭᠠᠳᠭᠠᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠨᠣᠮ | ᠤᠨ ᠰᠠᠩ᠂ ᠰᠣᠶᠣᠯ ᠤᠨ ᠣᠷᠳᠣᠨ᠂ ᠮᠦᠽᠧᠢ ᠶᠢᠨ ᠲᠤᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | 20 ᠭᠠᠴᠠᠭᠠᠨ ᠳᠤ ᠪᠡᠶ᠎ᠡ ᠴᠢᠭᠢᠷᠠᠭᠵᠢᠭᠤᠯᠬᠤ ᠵᠦᠷᠢᠭ ᠵᠠᠮ ᠪᠠᠶᠢᠭᠤᠯᠬᠤ ᠪᠠᠷ ᠴᠢᠷᠮᠠᠶᠢᠨ᠎ᠠ᠃ ᠰᠣᠶᠣᠯ ᠢᠶᠠᠷ ᠠᠷᠠᠳ | ᠲᠤ ᠠᠰᠢᠭ ᠬᠦᠷᠲᠡᠭᠡᠬᠦ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠯ ᠤᠨ ᠳᠣᠲᠣᠷ᠎ᠠ ᠣᠯᠠᠨ | ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ 50 ᠲᠠᠯᠠᠪᠤᠷ ᠠᠴᠠ ᠳᠡᠭᠡᠭᠰᠢ ᠦᠷᠨᠢᠬᠦᠯᠵᠤ᠂ ᠰᠣᠶᠣᠯ ᠤᠨ | ᠲᠥᠷᠥᠯ ᠤᠨ ᠪᠤᠯᠪᠠᠰᠤᠷᠠᠯ ᠢ 5 ᠲᠠᠯᠠᠪᠤᠷ ᠠᠴᠠ ᠳᠡᠭᠡᠭᠰᠢ ᠡᠷᠭᠢᠯᠡᠨ᠎ᠡ᠃ ᠤᠯᠠᠭᠠᠨᠮᠥ᠋ᠴᠢᠷ ᠤᠨ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠬᠢᠭᠡᠳ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ ᠵᠣᠬᠢᠶᠠᠨ | ᠪᠦᠲᠦᠬᠡᠬᠦ ᠬᠦᠴᠦᠯᠡᠴᠡ ᠪᠠᠨ ᠴᠢᠩᠭᠠᠳᠬᠠᠵᠤ᠂ 15 ᠠᠴᠠ ᠳᠡᠭᠡᠭᠰᠢ ᠲᠤᠭᠠᠨ ᠤ ᠤᠳᠬ᠎ᠠ ᠤᠷᠠᠯᠢᠭ ᠤᠨ ᠪᠦᠲᠦᠭᠡᠯ | ᠢ ᠰᠢᠨ᠎ᠡ ᠪᠠᠷ ᠵᠤᠬᠢᠶᠠᠨ ᠪᠠᠶᠢᠭᠤᠯᠤᠨ᠎ᠠ᠃ ᠰᠣᠶᠣᠯ ᠤᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ | ᠶᠢ ᠰᠠᠶᠢᠲᠤᠷ ᠬᠢᠵᠦ᠂ ᠲᠦᠷᠦᠯ ᠵᠤᠶᠢᠯ ᠤᠨ ᠪᠦᠲᠦᠬᠡᠨ ᠪᠠᠶᠢᠭᠤᠯᠤᠯᠲᠠ ᠶᠢᠨ ᠶᠠᠪᠤᠴᠠ ᠳᠠᠬᠢ ᠲᠡᠦᠬᠡ ᠶᠢᠨ | ᠳᠤᠷᠠᠰᠬᠠᠯᠲᠤ ᠵᠦᠢᠯ ᠤᠨ ᠪᠠᠭᠤᠷᠢ ᠶᠢᠨ ᠲᠠᠷᠤᠭᠳᠠᠭᠰᠠᠨ ᠠᠰᠠᠭᠤᠳᠠᠯ ᠢ ᠲᠤᠬᠢᠲᠠᠢ ᠰᠢᠢᠳᠪᠤᠷᠢᠯᠡᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ | ᠶᠢ ᠭᠤᠶᠤᠴᠢᠯᠠᠨ ᠮᠡᠳᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠮᠦᠽᠧᠢ ᠶᠢᠨ ᠳᠡᠯᠭᠡᠨ ᠦᠵᠡᠭᠦᠯᠦᠯᠭᠡ | ᠶᠢ ᠥᠭᠡᠷᠡᠴᠢᠯᠡᠨ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ | ᠤᠨ ᠪᠤᠪᠠᠰᠤᠷᠠᠯ᠂ ᠦᠵᠡᠭᠦᠯᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠮᠠᠨ ᠤ ᠬᠤᠰᠢᠭᠤᠨ ᠤ ᠪᠣᠳᠠᠰ | ᠤᠨ ᠪᠤᠰᠤ ᠰᠣᠶᠣᠯ ᠤᠨ ᠥᠪ ᠤᠨ ᠠᠯᠳᠠᠷᠰᠢᠯ ᠪᠠ ᠤᠯᠠᠮᠵᠢᠯᠠᠭᠴᠢ ᠶᠢᠨ ᠤᠷ᠎ᠠ ᠮᠡᠷᠭᠡᠵᠢᠯ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠵᠢᠷᠭᠤᠭ᠎ᠠ︶ ᠦᠨᠳᠦᠰᠦᠨ ᠱᠠᠲᠤᠨ ᠤ ᠵᠠᠰᠠᠯᠲᠠ ᠶᠢ ᠰᠠᠶᠢᠲᠤᠷ ᠠᠳᠬᠤᠵᠤ᠂ ᠪᠦᠯᠬᠦᠮᠳᠡᠨ | ᠨᠢᠭᠳᠠᠷᠠᠭᠰᠠᠨ ᠠᠮᠣᠷ ᠳᠣᠭᠳᠠᠭᠤᠨ ᠪᠠᠶᠢᠳᠠᠯ ᠢ ᠪᠤᠢ ᠪᠣᠯᠭᠠᠨ᠎ᠠ | ᠨᠢᠭᠡ ᠳᠤ᠂ ᠪᠦᠯᠬᠦᠮᠳᠡᠯ ᠪᠠ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠣᠭᠤᠮ | ᠪᠤᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠬᠡᠳᠬᠡᠨ | ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ | ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦ ᠪᠠᠷ ᠳᠦᠯᠬᠢᠨ ᠠᠬᠢᠭᠤᠯᠤᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠤ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠵᠠᠬᠢᠳᠠᠯ ᠰᠣᠷᠪᠤᠯᠵᠢᠯᠠᠭ᠎ᠠ ᠶᠢᠨ ᠬᠥᠰᠡᠯ | ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠨ᠎ᠡ᠃ ᠴᠡᠷᠢᠭ ᠠᠷᠠᠳ ᠤᠨ ᠠᠭᠤᠰᠤᠯᠴᠠᠨ | ᠬᠦᠭᠵᠢᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ | ᠬᠦᠴᠦᠨ ᠪᠠ ᠬᠢᠯᠢ ᠶᠢᠨ ᠬᠠᠮᠠᠭᠠᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ | ᠬᠦᠷᠢᠶᠡᠯᠡᠬᠦ ᠠᠵᠢᠯ ᠢ ᠢᠳᠡᠪᠬᠢᠲᠡᠢ ᠲᠡᠭᠦᠯᠳᠡᠷᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢ | ᠰᠠᠶᠢᠲᠤᠷ ᠪᠠᠳᠣᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠵᠤ᠂ ᠠᠮᠤᠷ | ᠲᠠᠶᠢᠪᠤᠩ ᠠᠵᠢᠯᠯᠠᠵᠤ ᠠᠮᠢᠳᠣᠷᠠᠬᠤ ᠣᠷᠴᠢᠨ ᠳᠣᠭᠤᠷᠢᠨ ᠢ ᠰᠠᠶᠢᠲᠤᠷ ᠬᠠᠮᠠᠭᠠᠯᠠᠨ᠎ᠠ᠃ | ᠬᠤᠶᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠰᠢᠢᠳᠪᠤᠷᠢᠯᠡᠨ᠎ᠡ᠃ | ᠥᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠤᠨ ᠲᠥᠷᠢᠮ ᠢ ᠴᠢᠩᠭ᠎ᠠ ᠳᠣᠣᠱᠯᠠᠭᠤᠯᠵᠤ᠂ | ᠦᠨᠳᠦᠰᠦᠲᠡᠨ ᠤ ᠪᠦᠯᠬᠦᠮᠳᠡᠯ ᠪᠠ ᠠᠮᠤᠷ ᠳᠣᠭᠳᠠᠭᠤᠨ ᠢ ᠨᠥᠯᠥᠭᠡᠯᠡᠬᠦ ᠬᠦᠴᠦᠨ ᠵᠤᠶᠢᠯ ᠢ ᠳᠡᠭᠡᠳᠦ ᠬᠡᠮᠵᠢᠶ᠎ᠡ ᠪᠠᠷ | ᠰᠡᠷᠡᠮᠵᠢᠯᠡᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠨ ᠰᠢᠢᠳᠪᠤᠷᠢᠯᠡᠨ᠎ᠡ᠃ | ᠤᠯᠤᠰ ᠤᠨ ᠲᠡᠳᠬᠦᠮᠵᠢ ᠶᠢᠨ ᠲᠦᠷᠦ ᠶᠢᠨ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠴᠢᠭᠯᠡᠯ ᠢ ᠬᠢᠨᠠᠮᠠᠭᠠᠢ | ᠰᠤᠳᠤᠯᠵᠤ᠂ ᠰᠢᠨ᠎ᠡ ᠪᠠᠷ ᠪᠠᠶᠢᠭᠤᠯᠬᠤ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠦᠷᠦᠯ ᠵᠤᠶᠢᠯ ᠤᠨ | ᠲᠤᠭ᠎ᠠ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠨᠡᠮᠡᠭᠳᠡᠭᠰᠡᠨ ᠵᠢᠬᠡᠯᠡᠯᠬᠡ ᠶᠢᠨ ᠲᠡᠮᠳᠡᠭᠲᠤ ᠶᠢ ᠭᠤᠶᠤᠴᠢᠯᠠᠨ | ᠮᠡᠳᠡᠭᠦᠯᠬᠦ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠬᠢ ᠶᠢ ᠴᠢᠩᠭᠠᠳᠬᠠᠨ᠎ᠠ᠃ | ᠪᠥᠬᠦ ᠬᠤᠰᠢᠭᠤ ᠪᠠᠷ ᠢᠶᠠᠨ ᠠᠷᠪᠢᠯᠠᠨ ᠭᠠᠮᠨᠠᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠥᠰᠥᠪ ᠤᠨ | ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠨᠠᠷᠢᠯᠢᠭᠵᠢᠭᠤᠯᠵᠤ᠂ ᠡᠩ | ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠲᠥᠰᠥᠪ ᠢ ᠴᠢᠩᠭ᠎ᠠ ᠡᠵᠡᠮᠳᠡᠵᠦ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ | ᠵᠢᠷᠤᠮᠵᠢᠭᠤᠯᠤᠨ᠂ PPP ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠠᠳᠬᠤᠵᠤ᠂ | ᠲᠣᠭᠲᠠᠭᠠᠯ ᠠᠴᠠ ᠵᠥᠷᠢᠴᠡᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ | ᠴᠢᠩᠭ᠎ᠠ ᠬᠢᠵᠠᠭᠠᠷᠯᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠳᠡᠨ ᠤ ᠪᠠᠩᠬᠢ ᠶᠢᠨ ᠦᠢᠯᠡᠰ ᠤᠨ | ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠬᠤᠷᠢᠶᠠᠵᠤ ᠰᠢᠢᠳᠪᠦᠷᠢᠯᠡᠬᠦ ᠠᠵᠢᠯ ᠢ ᠭᠦᠨᠵᠡᠭᠡᠢ | ᠥᠷᠨᠢᠭᠦᠯᠵᠦ᠂ ᠮᠥᠩᠭᠦᠨ ᠭᠦᠢᠯᠭᠡᠭᠡᠨ ᠤ ᠬᠥᠷᠢᠶ᠎ᠡ ᠬᠡᠪᠴᠢᠶᠡᠨ ᠳᠠᠬᠢ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ | ᠭᠤᠷᠪᠠ ᠳᠤ᠂ ᠡᠯ᠎ᠡ ᠬᠦᠷᠢᠶ᠎ᠡ ᠴᠠᠷ᠎ᠠ ᠶᠢᠨ ᠠᠮᠤᠷ ᠲᠦᠪᠰᠢᠨ ᠢ ᠡᠷᠡᠰ ᠴᠢᠩᠭ᠎ᠠ ᠰᠠᠶᠢᠲᠤᠷ ᠠᠳᠬᠤᠬᠤ | ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ | ᠠᠷᠭ᠎ᠠ ᠬᠡᠮᠵᠢᠶ᠎ᠡ ᠪᠣᠯᠣᠨ ᠳᠡᠭᠡᠳᠦ ᠱᠠᠲᠤᠨ ᠤ ᠳᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠭᠠᠯ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠠᠵᠢᠯ ᠢ | ᠲᠥᠪᠯᠡᠷᠡᠭᠦᠯᠦᠨ ᠥᠷᠨᠢᠭᠦᠯᠵᠦ᠂ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ | ᠰᠡᠷᠭᠡᠶᠢᠯᠡᠨ᠎ᠡ᠃ ᠡᠯ᠎ᠡ ᠲᠠᠯ᠎ᠠ ᠶᠢᠨ ᠲᠤᠰᠬᠠᠢ ᠪᠡᠯᠡ ᠮᠥᠩᠭᠦ ᠶᠢ ᠡᠷᠡᠮᠡᠯᠵᠡᠯᠡᠵᠤ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠬᠦᠯᠦᠯᠲᠡ ᠶᠢ | ᠲᠦᠷᠬᠡᠳᠬᠡᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠰᠢᠨᠵᠢᠯᠡᠭᠡᠨ ᠤ ᠭᠠᠮᠰᠢᠭ᠂ ᠵᠠᠮ | ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠣᠮᠳᠠᠭᠠᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠠᠵᠢᠯ | ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ ᠪᠠᠭᠠᠰᠬᠠᠵᠤ᠂ ᠭᠠᠮᠰᠢᠭ ᠠᠴᠠ ᠠᠪᠤᠷᠠᠬᠤ ᠪᠠ | ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ | ᠭᠠᠳᠠᠭᠠᠳᠤ ᠶᠠᠪᠤᠳᠠᠯ᠂ ᠴᠠᠭ ᠠᠭᠤᠷ᠂ ᠲᠠᠩᠰᠠ ᠡᠪᠬᠡᠮᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢ ᠬᠢᠨᠠᠮᠠᠭᠠᠢ ᠰᠠᠶᠢᠲᠤᠷ ᠦᠷᠨᠢᠭᠦᠯᠵᠦ᠂ ᠤᠯᠠᠨ ᠲᠦᠮᠡᠨᠴᠢ ᠴᠢᠨᠠᠷᠲᠠᠢ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ | ᠭᠤᠷᠪᠠ᠂ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ︵ᠨᠢᠭᠡ︶ ᠣᠯᠣᠰ ᠲᠥᠷᠦ ᠶᠢᠨ ᠵᠣᠭᠰᠣᠴᠠ ᠪᠠᠨ ᠪᠠᠲᠣᠳᠬᠠᠨ᠎ᠠ᠃ ᠨᠠᠮ ᠤᠨ ᠤᠯᠤᠰ ᠲᠦᠷᠤ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠦᠨᠡᠨᠬᠦ ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢ ᠢᠮᠠᠭᠲᠠ ᠦᠨᠡᠨᠴᠢ ᠪᠠᠷ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠳᠦᠯᠭᠡᠵᠢᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠪᠠᠬᠢᠵᠢᠭᠦᠯᠬᠦ ᠭᠤᠣᠯ ᠱᠣᠭᠤᠮ ᠢ ᠵᠠᠰᠠᠭ ᠤᠨ ᠣᠷᠳᠣᠨ | ᠤ ᠡᠯ᠎ᠡ ᠬᠦᠷᠢᠶ᠎ᠡ ᠴᠠᠷ᠎ᠠ ᠶᠢᠨ ᠠᠵᠢᠯ ᠤᠨ ᠪᠦᠬᠦ ᠶᠠᠪᠤᠴᠠ ᠳᠤ ᠰᠠᠶᠢᠳᠣᠷ ᠲᠣᠣᠱᠯᠠᠭᠤᠯᠵᠣ᠂ ᠤᠯᠤᠰ ᠲᠦᠷᠦ ᠶᠢ | ᠡᠷᠬᠢᠮᠯᠡᠬᠦ ᠶᠠᠪᠤᠳᠠᠯ ᠢ ᠭᠠᠳᠠᠭᠠᠳᠤ ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠪᠠᠶᠢᠳᠠᠯ ᠪᠣᠯᠭᠠᠨ | ᠬᠤᠪᠢᠷᠠᠭᠤᠯᠬᠤ ᠬᠡᠷᠡᠭᠲᠡᠢ᠃ | ︵ᠬᠤᠶᠠᠷ︶ ᠬᠠᠤᠯᠢ ᠶᠣᠰᠣᠭᠠᠷ ᠵᠠᠰᠠᠭ ᠪᠠᠷᠢᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ | ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ | ᠬᠥᠭᠵᠢᠯᠲᠡ ᠶᠢ ᠲᠦᠯᠬᠢᠨ ᠠᠬᠢᠭᠤᠯᠤᠨ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ | ᠶᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠤᠷᠠᠯᠳᠣᠭᠠᠨ᠂ ᠬᠢᠨᠠᠨ | ᠪᠠᠶᠢᠴᠠᠭᠠᠬᠤ᠂ ᠬᠠᠤᠯᠢ ᠴᠠᠭᠠᠵᠠ᠂ ᠨᠡᠶᠢᠭᠡᠮ᠂ ᠶᠠᠷᠢᠶ᠎ᠠ ᠬᠡᠯᠡᠯᠴᠡᠭᠡ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ | ᠠᠴᠠ ᠪᠠᠨ ᠬᠦᠯᠢᠶᠡᠵᠦ᠂ ᠬᠢᠨᠠᠨ ᠪᠤᠳᠤᠬᠤ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠵᠠᠰᠠᠭ | ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠢᠯᠡ ᠪᠠᠷ ᠶᠠᠪᠤᠭᠳᠠᠭᠤᠯᠤᠨ᠎ᠠ᠃ | ︵ᠭᠤᠷᠪᠠ︶ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠪᠠᠳᠤᠳᠬᠠᠨ᠎ᠠ᠃ | ᠬᠤᠶᠠᠷ ᠲᠤᠮᠤ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠶᠢ ᠡᠬᠦᠳᠴᠦ᠂ ᠰᠢᠯᠢᠳᠡᠭ ᠠᠮᠵᠢᠯᠲᠠ ᠤᠯᠬᠤ︾ | ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ | ᠬᠡᠪ ᠰᠤᠷᠲᠠᠯ ᠢ ᠶᠡᠭᠡ ᠬᠦᠴᠦᠨ ᠢᠶᠠᠷ ᠪᠠᠳᠠᠷᠠᠭᠤᠯᠵᠤ᠂ ᠤᠳᠤᠷᠢᠳᠬᠤ ᠺᠠᠳ᠋ᠷ ᠳᠠᠭᠤᠷᠢᠶᠠᠯ ᠦᠵᠡᠭᠦᠯᠬᠦ ᠶᠢ | ᠪᠠᠷᠢᠮᠲᠠᠯᠠᠵᠤ᠂ ᠪᠤᠳᠠᠳᠠᠢ ᠠᠵᠢᠯ ᠬᠢᠵᠦ᠂ ᠳᠣᠬᠢᠲᠠᠢ ᠠᠷᠭ᠎ᠠ ᠰᠥᠪᠡᠭᠴᠢᠯᠡᠨ᠂ ᠴᠢᠨᠠᠷᠲᠠᠢ ᠪᠦᠲᠦᠮᠵᠢ ᠡᠬᠦᠳᠦᠨ᠎ᠡ᠃ | ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠪᠥᠬᠦ ᠲᠠᠯ᠎ᠠ ᠪᠠᠷ ᠨᠢᠭᠲᠠᠷᠠᠭᠤᠯᠤᠨ ᠬᠥᠭᠵᠢᠭᠡᠵᠦ᠂ ᠳᠡᠭᠡᠳᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠯᠢᠭ ᠰᠡᠳᠬᠢᠵᠦ ᠨᠢᠮᠪᠠᠢ ᠨᠠᠶᠢᠳᠠᠪᠤᠷᠢᠵᠢᠭᠤᠯᠤᠨ᠎ᠠ᠃ | ︵ᠳᠥᠷᠪᠡ︶ ᠠᠷᠢᠭᠤᠨ ᠴᠢᠬᠡᠴᠢ ᠶᠢ ᠪᠠᠷᠢᠮᠲᠠᠯᠠᠵᠤ ᠬᠡᠪ ᠳᠠᠭᠤᠷᠢᠶᠠᠯ ᠦᠵᠡᠭᠦᠯᠦᠨ᠎ᠡ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠶᠢᠨ ᠬᠤᠣᠰ | ᠬᠠᠷᠢᠭᠤᠴᠠᠯᠭ᠎ᠠ︾ ᠶᠢ ᠡᠷᠡᠰ ᠭᠦᠢᠴᠡᠳᠬᠡᠵᠦ᠂ ᠤᠯᠤᠰ ᠲᠦᠷᠦ ᠶᠢᠨ ᠬᠢᠨᠠᠯᠲᠠ ᠪᠠ ᠰᠠᠬᠢᠯᠭ᠎ᠠ ᠪᠠᠲᠤ ᠶᠢᠨ ᠬᠥᠮᠦᠵᠢᠯ | ᠢ ᠴᠢᠩᠭᠠᠳᠬᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠢᠨᠵᠧᠨᠧᠷᠢᠩ ᠤᠨ | ᠲᠦᠷᠦᠯ ᠵᠦᠢᠯ ᠢ ᠪᠦᠲᠦᠭᠡᠨ ᠪᠠᠶᠢᠭᠤᠯᠬᠤ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ︽ᠰᠢᠨ᠎ᠡ ᠳᠦᠷᠢ | ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠵᠠᠰᠠᠭ | ᠤᠨ ᠣᠷᠳᠣᠨ ᠤ ᠳᠦᠷᠢ ᠳᠦᠷᠬᠦ ᠶᠢ ᠪᠤᠢ ᠪᠤᠯᠭᠠᠨ᠎ᠠ᠃ | ᠲᠥᠯᠥᠭᠡᠯᠡᠭᠴᠢᠳ ᠠ᠋᠂ ᠨᠥᠬᠦᠳ ᠠ᠋︕ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠦᠨᠳᠦᠷ | ᠠᠮᠵᠢᠯᠲᠠ ᠳᠤ ᠬᠦᠷᠬᠦ ᠪᠠᠷ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠴᠢᠩᠭ᠎ᠠ ᠬᠦᠴᠦᠲᠠᠢ ᠤᠳᠤᠷᠢᠳᠤᠯᠭ᠎ᠠ ᠳᠣᠣᠷ᠎ᠠ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠬᠤᠰᠢᠭᠤ ᠣᠯᠣᠰ ᠲᠥᠷᠦ ᠶᠢᠨ ᠵᠥᠪᠯᠡᠯᠭᠡᠨ ᠤ ᠬᠢᠨᠠᠯᠲᠠ | ᠲᠡᠮᠵᠢᠯᠭᠡ ᠳᠣᠣᠷ᠎ᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠢ ᠰᠠᠨᠠᠭᠠᠯᠵᠠᠨ ᠲᠡᠮᠡᠴᠡᠵᠦ᠂ ︽ | ᠬᠦᠴᠢᠷ ᠠᠴᠠ ᠠᠶᠤᠬᠤ ᠦᠬᠡᠢ᠂ ᠴᠤᠴᠠᠯᠲᠠ ᠦᠬᠡᠢ ᠲᠠᠮᠡᠤᠯᠡᠵᠤ᠂ ᠵᠤᠷᠢᠭᠰᠠᠨ ᠳᠠᠭᠠᠨ ᠵᠠᠪᠠᠯ ᠬᠦᠷᠬᠦ︾ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠪᠠᠳᠠᠷᠠᠭᠤᠯᠵᠤ᠂ ᠨᠡᠩ ᠶᠡᠭᠡ ᠬᠦᠴᠦᠨ ᠵᠤᠷᠢᠭ ᠪᠠ ᠨᠡᠩ ᠪᠠᠲᠤᠲᠠᠢ | ᠠᠷᠭ᠎ᠠ ᠠᠪᠴᠢᠯ ᠢᠶᠠᠷ ᠰᠥᠨᠢᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠰᠦᠬᠡᠢ︕ | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠲᠣᠮᠢᠶ᠎ᠠ ᠪᠠ | ᠲᠣᠪᠴᠢᠯᠠᠭᠰᠠᠨ ᠦᠭᠡ ᠶᠢᠨ ᠲᠠᠶᠢᠯᠪᠤᠷᠢ | ⒈ ᠬᠤᠶᠠᠷ ᠲᠤᠮᠤ ᠶᠠᠪᠤᠳᠠᠯ᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠬᠦᠯᠬᠦ ᠪᠤᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠤᠮᠤ ᠶᠠᠪᠤᠳᠠᠯ ᠢ ᠴᠢᠷᠮᠠᠶᠢᠨ ᠪᠡᠶᠡᠯᠡᠬᠦᠯᠬᠦ ᠶᠢ ᠵᠢᠭᠠᠵᠤ ᠪᠤᠢ᠃ | ⒉ ᠬᠠᠮᠲᠤᠷᠠᠨ ᠡᠵᠡᠩᠨᠡᠬᠦ ︵ᠬᠤᠪᠢ ᠣᠷᠣᠬᠤ︶ ᠭᠠᠵᠠᠷ ᠬᠡᠷᠡᠭᠯᠡᠬᠦ ᠭᠠᠷᠳᠠᠮ᠄ ᠬᠠᠮᠲᠤ ᠶᠢᠨ ᠠᠵᠤ ᠠᠬᠤᠢ | ᠶᠢᠨ ᠵᠣᠬᠢᠶᠠᠨ ᠪᠠᠶᠢᠭᠤᠯᠤᠯᠲᠠ ᠠᠴᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠬᠠᠮᠲᠤᠷᠠᠨ ᠡᠵᠡᠩᠨᠡᠬᠦ ︵ᠬᠤᠪᠢ ᠣᠷᠣᠬᠤ︶ ᠪᠠᠷ ᠳᠠᠮᠵᠢᠭᠤᠯᠤᠨ ᠪᠤᠰᠤᠳ ᠪᠠᠶᠢᠭᠤᠯᠭ᠎ᠠ ᠨᠢᠭᠡᠴᠡ᠂ | ᠬᠤᠪᠢ ᠬᠥᠮᠥᠨ ᠲᠠᠢ ᠬᠠᠮᠲᠤ ᠪᠠᠷ ᠠᠵᠤ ᠠᠬᠤᠶᠢᠯᠠᠯ ᠡᠷᠬᠢᠯᠡᠬᠦ ᠠᠵᠢᠯᠯᠠᠭ᠎ᠠ ᠶᠢ ᠵᠢᠭᠠᠵᠤ ᠪᠤᠢ᠃ | ⒊ ᠬᠠᠮᠲᠤᠷᠠᠨ ᠲᠤᠷᠰᠢᠨ ᠠᠵᠢᠯᠯᠠᠭᠤᠯᠬᠤ᠄ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ | ᠪᠠᠶᠢᠭᠤᠯᠤᠭᠰᠠᠨ ᠠᠭᠤᠷᠬᠠᠢ ᠶᠢ ᠰᠢᠯᠭᠠᠨ ᠠᠪᠬᠤ ᠠᠴᠠ ᠡᠮᠦᠨ᠎ᠡ᠂ ᠡᠯ᠎ᠡ ᠰᠢᠰᠲ᠋ᠧᠮ ᠢ ᠲᠤᠰ ᠪᠦᠷᠢ ᠠᠮᠵᠢᠯᠲᠠ ᠲᠠᠢ | ᠪᠠᠷ ᠲᠤᠬᠢᠷᠠᠭᠤᠯᠤᠨ ᠠᠵᠢᠯᠯᠠᠭᠤᠯᠤᠭᠰᠠᠨ ᠤ ᠰᠠᠭᠤᠷᠢᠨ ᠳᠡᠭᠡᠷ᠎ᠡ᠂ ᠵᠢᠷᠤᠭ ᠲᠥᠯᠥᠪᠯᠡᠭᠡᠨ ᠳᠤ ᠲᠤᠭᠲᠠᠭᠰᠠᠨ | ᠪᠠᠷᠢᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠶᠣᠰᠣᠭᠠᠷ ᠪᠦᠬᠦᠶᠢᠯᠡ ᠰᠢᠰᠲ᠋ᠧᠮ ᠢ ᠲᠤᠷᠰᠢᠨ ᠠᠵᠢᠯᠯᠠᠭᠤᠯᠵᠤ᠂ | ᠰᠢᠰᠲ᠋ᠧᠮ ᠪᠦᠷᠢ ᠶᠢᠨ ᠬᠤᠭᠤᠷᠤᠨᠳᠤ ᠵᠤᠬᠢᠴᠠᠩᠭᠤᠢ ᠨᠢᠬᠡᠳᠤᠯᠲᠡᠢ ᠠᠵᠢᠯᠯᠠᠭᠤᠯᠬᠤ ᠬᠠᠷᠠᠯᠲᠠ ᠳᠠᠭᠠᠨ ᠬᠦᠷᠬᠦ | ᠶᠠᠪᠤᠴᠠ ᠶᠢ ᠵᠢᠭᠠᠵᠤ ᠪᠤᠢ᠃ | ⒋ ᠶᠡᠷᠦᠩᠬᠡᠶᠢᠯᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠄ ᠰᠠᠯᠠᠭ᠎ᠠ ᠮᠥᠴᠢᠷ ᠠᠴᠠ | ᠲᠤᠰᠠᠭᠠᠷᠯᠠᠨ ᠪᠠᠶᠢᠭᠤᠯᠤᠭᠰᠠᠨ ᠠᠵᠢᠯ ᠶᠠᠪᠤᠳᠠᠯ ᠭᠦᠢᠴᠡᠳᠬᠡᠬᠦ ᠴᠣᠩᠬᠤ ᠶᠢ ᠨᠡᠶᠢᠯᠡᠭᠦᠯᠦᠨ ᠶᠡᠷᠦᠩᠬᠡᠶᠢᠯᠡᠭᠰᠡᠨ | ᠴᠣᠩᠬᠤ ᠪᠣᠯᠭᠠᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ | ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ | ᠠᠵᠢᠯ ᠤᠨ ᠵᠠᠭᠪᠤᠷ ᠢ ᠵᠢᠭᠠᠵᠤ ᠪᠤᠢ᠃ | ⒌ ᠪᠦᠲᠦᠨ ᠬᠤᠨᠤᠭ ᠤᠨ ᠬᠤᠯᠢᠮᠠᠭ ᠲᠡᠵᠢᠬᠡᠯ᠄ ᠪᠦᠳᠦᠭᠦᠯᠢᠭ ᠪᠣᠷᠳᠤᠭ᠎ᠠ᠂ ᠨᠠᠷᠢᠯᠢᠭ ᠪᠣᠷᠳᠤᠭ᠎ᠠ᠂ | ᠡᠷᠦᠳᠡᠰᠦ ᠪᠤᠳᠠᠰ᠂ ᠸᠢᠲ᠋ᠠᠮᠢᠨ ᠪᠣᠯᠣᠨ ᠪᠤᠰᠤᠳ ᠨᠡᠮᠡᠯᠲᠡ ᠡᠳ᠋ ᠵᠡᠷᠭᠡ ᠶᠢ ᠵᠤᠬᠢᠬᠤ ᠬᠠᠷᠢᠴᠠᠯ ᠢᠶᠠᠷ ᠨᠠᠶᠢᠷᠠᠭᠤᠯᠵᠤ᠂ | ᠲᠤᠭᠲᠠᠭᠰᠠᠨ ᠪᠠᠭᠠᠵᠢ ᠲᠦᠬᠦᠬᠡᠷᠤᠮᠵᠢ ᠬᠢᠬᠡᠳ ᠡᠳ᠋ᠰᠢᠯᠡᠬᠦᠯᠬᠦ ᠮᠡᠷᠭᠡᠵᠢᠯ ᠢ ᠬᠡᠷᠡᠭᠯᠡᠨ᠂ ᠵᠢᠭᠳᠡ ᠬᠤᠯᠢᠵᠤ ᠬᠢᠭᠰᠡᠨ ᠮᠠᠯ | ᠤᠨ ᠰᠢᠮ᠎ᠡ ᠲᠡᠵᠢᠬᠡᠯ ᠢ ᠬᠦᠢᠴᠡᠳ ᠬᠠᠩᠭᠠᠵᠤ ᠴᠢᠳᠠᠳᠠᠭ ᠡᠳᠦᠷ ᠤᠨ ᠲᠡᠵᠢᠬᠡᠯ ᠢ ᠵᠢᠭᠠᠵᠤ ᠪᠤᠢ᠃ | ⒍ ᠭᠠᠮᠰᠢᠭᠲᠤ ᠴᠠᠭ ᠠᠭᠤᠷ ᠤᠨ ᠬᠤᠨᠢᠨ ᠤ ᠳᠠᠭᠠᠳᠬᠠᠯ᠄ ᠮᠠᠯᠴᠢᠳ ᠤᠨ ᠭᠠᠩ ᠬᠠᠭᠰᠠᠷᠠᠭᠠᠨ᠂ ᠴᠠᠰᠤ | ᠵᠤᠳ ᠠᠴᠠ ᠪᠤᠯᠵᠤ ᠬᠤᠨᠢ ᠮᠠᠯ ᠢᠶᠠᠨ ᠠᠷᠠᠴᠢᠯᠠᠨ ᠲᠡᠵᠢᠭᠡᠬᠦ᠂ ᠥᠪᠡᠷ ᠤᠨ ᠥᠷᠲᠡᠭ ᠨᠡᠮᠡᠭᠳᠡᠬᠦ ᠵᠢᠴᠢ ᠴᠠᠭ ᠠᠭᠤᠷ | ᠤᠨ ᠭᠠᠮᠰᠢᠭ ᠠᠴᠠ ᠪᠣᠯᠤᠭᠰᠠᠨ ᠬᠤᠬᠢᠷᠠᠯ ᠳᠤ ᠳᠠᠭᠠᠳᠬᠠᠯ ᠤᠨ ᠪᠠᠲᠤᠯᠠᠭ᠎ᠠ ᠬᠠᠩᠭᠠᠬᠤ ᠶᠢ ᠵᠢᠭᠠᠵᠤ ᠪᠤᠢ᠃ | ⒎ ᠡᠮᠴᠢᠯᠡᠭᠡᠨ ᠤ ᠬᠤᠯᠪᠣᠭᠠᠲᠤ ᠴᠣᠭᠴᠠ᠄ ᠠᠳᠠᠯᠢ ᠨᠢᠭᠡᠨ ᠣᠷᠣᠨ ᠪᠦᠰᠡ ᠶᠢᠨ ᠳᠣᠲᠣᠷᠠᠬᠢ | ᠡᠮᠴᠢᠯᠡᠭᠡᠨ ᠤ ᠡᠬᠢ ᠪᠠᠶᠠᠯᠢᠭ ᠢ ᠡᠮᠬᠢᠳᠬᠡᠨ ᠨᠡᠶᠢᠯᠡᠭᠦᠯᠵᠦ᠂ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ | ᠠᠰᠠᠭᠤᠳᠠᠯ ᠢ ᠰᠢᠢᠳᠪᠤᠷᠢᠯᠡᠬᠦ ᠶᠢ ᠵᠢᠭᠠᠵᠤ ᠪᠤᠢ᠃ | ⒏ ᠬᠤᠶᠠᠷ ᠥᠮᠡᠨ᠄ ᠬᠥᠬᠦᠨ ᠪᠤᠯᠴᠢᠷᠬᠠᠢ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠢ ᠵᠢᠭᠠᠵᠤ | ᠪᠤᠢ᠃ | ⒐ ᠭᠤᠷᠪᠠ ᠶᠢ ᠪᠠᠲᠤᠯᠠᠬᠤ᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠬᠥᠯᠥᠰᠦ | ᠶᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠵᠤ ᠪᠤᠢ᠃ | ⒑ ︽ᠲᠠᠪᠤᠨ ᠶᠡᠭᠡ ᠴᠡᠭᠴᠡᠯᠡᠯᠳᠠ︾᠄ ᠳᠠᠷᠣᠢ ᠥᠪᠥᠷ ᠮᠣᠩᠭᠤᠯ ᠤᠨ ᠠᠵᠤ ᠠᠬᠤᠶ ᠶᠢᠨ ᠬᠥᠷᠢᠶ᠎ᠡ | ᠴᠠᠷ᠎ᠠ ᠳᠤ ᠤᠷᠲᠤ ᠬᠤᠭᠤᠴᠠᠭ᠎ᠠ ᠪᠠᠷ ᠣᠷᠣᠰᠢᠵᠤ ᠪᠠᠶᠢᠭ᠎ᠠ ᠴᠢᠨᠠᠷ ᠴᠢᠨᠰᠠᠭ᠎ᠠ ᠳᠣᠤᠷ᠎ᠠ᠂ ᠦᠷ᠎ᠡ ᠠᠰᠢᠭ ᠳᠣᠤᠷ᠎ᠠ᠂ | ᠰᠤᠯᠠ ᠲᠠᠯᠪᠢᠵᠤ ᠪᠦᠷᠢᠯᠭᠡᠨ ᠰᠦᠶᠳᠬᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ᠵᠥᠪᠰᠢᠶᠡᠷᠡᠯ ᠢ ᠬᠦᠯᠢᠶᠡᠵᠦ ᠪᠠᠶᠢᠭ᠎ᠠ ᠲᠥᠷᠥᠯ ᠵᠦᠶᠯ᠂ | ᠠᠰᠢᠭᠯᠠᠯᠳᠠ ᠳᠤ ᠤᠷᠤᠭ᠎ᠠ ᠥᠬᠡᠢ ᠲᠥᠯᠥᠪᠯᠡᠭᠰᠡᠨ ᠭᠠᠵᠠᠷ ᠰᠢᠷᠣᠶ᠂ ᠡᠷᠬᠢᠯᠳᠠ ᠳᠤ ᠤᠷᠤᠭ᠎ᠠ ᠥᠬᠡᠢ ᠪᠡᠯᠡ ᠮᠥᠩᠭᠦ | ᠂ ᠳᠣᠳᠠᠭᠤ ᠬᠠᠶᠠᠭᠳᠠᠭᠰᠠᠨ ᠢᠨᠵᠧᠨᠧᠷᠢᠩ᠂ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ | ᠲᠠᠯ᠎ᠠ ᠶᠢᠨ ᠴᠡᠭᠴᠡᠯᠡᠯᠳᠠ ᠶᠢᠨ ᠠᠵᠢᠯᠯᠠᠭ᠎ᠠ ᠶᠢ ᠵᠢᠭᠠᠵᠤ ᠪᠤᠢ᠃ | ⒒ ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠵᠢᠴᠢ ᠪᠥᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠠᠴᠠ ᠳᠤᠷᠠᠳᠤᠭᠰᠠᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠂ | ︽ᠡᠯᠡᠰᠤ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ︾᠂ ︽ᠴᠢᠯᠦᠭᠡᠲᠦ ᠠᠷᠠᠯᠵᠢᠶᠠᠨ ᠤ ᠤᠷᠤᠨ ᠢ ᠡᠭᠦᠳᠦᠨ ᠪᠠᠶᠢᠭᠤᠯᠬᠤ | ᠢᠨᠵᠧᠨᠧᠷᠢᠩ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ︾ ᠢᠨᠵᠧᠨᠧᠷᠢᠩ᠂ | ︽ᠦᠨᠡᠨᠴᠢ ᠢᠲᠡᠬᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾᠂ ︽ᠳᠤᠯᠠᠭᠠᠯᠠᠬᠤ ᠢᠨᠵᠧᠨᠧᠷᠢᠩ︾ ᠢ ᠵᠢᠭᠠᠵᠤ | ᠪᠤᠢ᠃ | ⒓ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠬᠦ ︽ᠰᠠᠨᠠᠯ︾᠄ ︽ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ | ᠵᠢᠭᠠᠵᠤ ᠪᠤᠢ᠃ | ⒔ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢᠨ ︽ᠬᠤᠶᠠᠷ ᠢ ᠨᠡᠶᠢᠲᠡᠯᠡᠬᠦ︾᠄ ᠵᠠᠰᠠᠭ | ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠵᠡᠷᠭᠡ ᠢᠲᠡᠭᠡᠮᠵᠢ ᠶᠢᠨ ᠮᠡᠳᠡᠭᠡ ᠶᠢ ᠢᠯᠡᠴᠢᠯᠡᠨ | ᠨᠡᠶᠢᠲᠡᠯᠡᠬᠦ ᠶᠢ ᠵᠢᠭᠠᠵᠤ ᠪᠤᠢ᠃ | ⒕ ᠬᠤᠶᠠᠷ ᠡᠷᠡᠰ ᠭᠤᠶᠢᠪᠢᠰᠢ ᠦᠭᠡᠢ᠄ ᠳᠠᠷᠣᠢ ᠡᠷᠡᠰ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ | ᠤᠨ ᠠᠵᠤ ᠠᠬᠤᠶ ᠶᠢ ᠪᠠᠬᠢᠵᠢᠭᠦᠯᠦᠨ ᠬᠥᠭᠵᠢᠭᠦᠯᠵᠦ᠂ ᠡᠷᠡᠰ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠪᠠ ᠵᠢᠯᠣᠭᠤᠳᠴᠤ᠂ ᠡᠯ᠎ᠡ ᠵᠦᠢᠯ ᠤᠨ | ᠥᠮᠴᠢᠯᠡᠯ ᠤᠨ ᠠᠵᠤ ᠠᠬᠤᠶ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ | ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ | ᠬᠠᠮᠠᠭᠠᠯᠠᠯᠲᠠ ᠶᠢ ᠠᠳᠠᠯᠢ ᠲᠡᠭᠰᠢ ᠪᠠᠷ ᠬᠦᠷᠲᠡᠬᠦ ᠶᠢ ᠵᠢᠭᠠᠵᠤ ᠪᠤᠢ᠃ | ⒖ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ ᠥᠭᠡᠷᠡᠴᠢᠯᠡᠯᠲᠡ᠄ ᠠᠳᠠᠯᠢ ᠪᠤᠰᠤ ᠰᠠᠯᠠᠭ᠎ᠠ ᠮᠥᠴᠢᠷ | ᠤᠨ ᠮᠡᠳᠡᠭᠡ ᠵᠠᠩᠭᠢ ᠶᠢᠨ ᠰᠢᠰᠲ᠋ᠧᠮ ᠢ ᠨᠡᠪᠳᠡᠷᠡᠯᠴᠡᠬᠦᠯᠵᠤ᠂ ᠤᠯᠠᠨ ᠲᠦᠮᠡᠨ ᠨᠢᠬᠡ ᠯᠡ ᠰᠢᠰᠲ᠋ᠧᠮ ᠢᠶᠠᠷ ᠠᠳᠠᠯᠢ | ᠪᠤᠰᠤ ᠬᠦᠷᠢᠶ᠎ᠡ ᠴᠠᠷ᠎ᠠ ᠶᠢᠨ ᠤᠴᠢᠷ ᠶᠠᠪᠤᠳᠠᠯ ᠢ ᠰᠢᠢᠳᠪᠤᠷᠢᠯᠡᠬᠦ ᠶᠢ ᠵᠢᠭᠠᠵᠤ ᠪᠤᠢ᠃ | ⒗ ︽ᠬᠤᠶᠠᠷ ᠠᠭᠤᠯᠠ︾᠄ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠦᠨ ᠭᠡᠰᠡᠨ ᠰᠢᠨᠵᠢᠯᠡᠬᠦ ᠤᠬᠠᠭᠠᠨᠴᠢ | ᠨᠤᠲᠠᠯᠠᠯᠲᠠ ᠶᠢ ᠵᠢᠭᠠᠵᠤ ᠪᠤᠢ᠃ | ⒘ ︽1+3+N︾ ᠳᠠᠶᠢᠯᠠᠯᠳᠤᠭᠠᠨ ᠤ ᠰᠡᠳᠬᠢᠴᠡ᠄ ︽1︾ ᠪᠣᠯ ︽ᠨᠢᠭᠡ ᠪᠦᠰᠡ︾ ᠪᠣᠯᠣᠨ᠎ᠠ᠂ | ᠳᠠᠷᠤᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢᠨ ᠨᠤᠲᠤᠭ ᠪᠡᠯᠴᠢᠭᠡᠷ ᠢ | ᠬᠠᠮᠠᠭᠠᠯᠠᠨ ᠰᠡᠷᠭᠦᠭᠡᠬᠦ ᠪᠦᠰᠡ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠨᠤᠲᠤᠭ ᠪᠡᠯᠴᠢᠭᠡᠷ ᠢ | ᠠᠶᠠᠨᠳᠠᠭᠠᠨ ᠰᠡᠷᠭᠦᠭᠡᠬᠦ ᠶᠢ ᠵᠢᠭᠠᠨ᠎ᠠ᠃ ︽3︾ ᠨᠢ ︽ᠭᠤᠷᠪᠠᠨ ᠣᠷᠣᠨ︾ ᠪᠣᠯᠣᠨ᠎ᠠ᠂ ᠲᠤᠬᠠᠶᠢᠯᠠᠪᠠᠯ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠤᠶᠢᠲᠤ ᠶᠢᠨ ᠬᠦᠨᠳᠦ ᠬᠡᠮᠵᠢᠶᠡᠨ ᠤ ᠡᠯᠡᠰᠦᠷᠬᠡᠭᠵᠢᠯ ᠢ | ᠶᠡᠷᠦᠩᠬᠡᠶᠢᠯᠡᠨ ᠵᠠᠰᠠᠬᠤ ᠣᠷᠣᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠳᠤᠮᠳᠠ ᠬᠡᠰᠡᠭ ᠤᠨ | ᠬᠠᠭᠠᠰ ᠲᠣᠭᠲᠠᠮᠠᠯ ᠡᠯᠡᠰᠦᠷᠬᠡᠭ ᠭᠠᠵᠠᠷ ᠢᠶᠠᠷ ᠭᠤᠣᠯᠯᠠᠭᠤᠯᠤᠨ ᠰᠡᠷᠭᠦᠭᠡᠨ ᠵᠠᠰᠠᠬᠤ ᠣᠷᠣᠨ᠂ ᠴᠦᠯᠡᠷᠬᠡᠭ ᠲᠠᠯ᠎ᠠ | ᠨᠤᠲᠤᠭ ᠤᠨ ᠬᠠᠭᠠᠰ ᠲᠣᠭᠲᠠᠮᠠᠯ ᠡᠯᠡᠰᠦᠷᠬᠡᠭ ᠭᠠᠵᠠᠷ ᠤᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠨ ᠵᠠᠰᠠᠬᠤ | ᠣᠷᠣᠨ ᠢ ᠬᠡᠷᠡᠭᠵᠢᠭᠦᠯᠵᠦ᠂ ᠲᠥᠷᠥᠯ ᠵᠦᠢᠯ ᠢ ᠨᠢᠭᠡᠳᠦᠯᠲᠡᠢ ᠲᠥᠯᠥᠪᠯᠡᠬᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠭᠤᠣᠯᠳᠠᠯᠭ᠎ᠠ ᠲᠠᠢ ᠵᠠᠰᠠᠬᠤ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠡᠯᠡᠰᠦᠷᠬᠡᠭᠵᠢᠭᠰᠡᠨ ᠭᠠᠵᠠᠷ | ᠣᠷᠣᠨ ᠤ ᠠᠮᠢ ᠠᠬᠤᠢ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠬᠤ ᠶᠢ ᠵᠢᠭᠠᠨ᠎ᠠ᠃ ︽N︾ ᠭᠡᠳᠡᠭ ᠨᠢ ︽ᠨᠢᠭᠡ | ᠪᠦᠰᠡ ᠭᠤᠷᠪᠠᠨ ᠣᠷᠣᠨ︾ ᠠᠴᠠ ᠭᠠᠳᠠᠨᠠᠬᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | ᠵᠢᠴᠢ ᠠᠵᠢᠯ ᠤᠨ ᠠᠬᠢᠴᠠ ᠶᠢᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠵᠤ | ᠵᠠᠰᠠᠨ ᠴᠡᠭᠴᠡᠯᠡᠬᠦ ᠴᠢᠬᠤᠯᠠ ᠲᠠᠢ ᠤᠷᠤᠨ ᠪᠦᠰᠡ ᠪᠤᠯᠤᠨ᠎ᠠ᠃ ᠲᠤᠰ ᠳᠠᠶᠢᠯᠠᠯᠳᠤᠭᠠᠨ ᠤ ᠰᠡᠳᠬᠢᠮᠵᠢ ᠨᠢ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ | ᠳᠤ ᠬᠦᠴᠦᠲᠡᠢ ᠪᠠᠲᠤᠯᠠᠭ᠎ᠠ ᠬᠠᠩᠭᠠᠬᠤ ᠶᠢ ᠵᠢᠭᠠᠵᠤ ᠪᠣᠶ᠃ | ⒙ ᠬᠤᠣᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ᠄ ᠲᠠᠷᠣᠢ ᠳᠤᠮᠳᠠᠳᠤ ᠤᠯᠤᠰ ᠤᠨ | ᠳᠤᠷᠠᠳᠤᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠤᠶᠠᠷ ᠱᠠᠲᠤ ᠦᠶ᠎ᠡ ᠶᠢᠨ | ᠬᠠᠷᠠᠯᠲᠠ ᠶᠢᠨ ᠪᠠᠶᠢᠯᠳᠤᠬᠤ ᠪᠣᠳᠣᠯᠭ᠎ᠠ ᠶᠢ ᠵᠢᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 2030 ᠣᠨ ᠳᠤ ᠤᠷᠬᠢᠯ ᠬᠡᠮᠵᠢᠭᠳᠡᠯ ᠳᠤ ᠬᠢᠵᠠᠭᠠᠷᠯᠠᠵᠤ᠂ 2060 ᠣᠨ ᠳᠤ | ᠨᠡᠭᠦᠷᠡᠰᠦᠲᠥ᠋ᠷᠥᠭᠴᠢ ᠴᠡᠪᠡᠷᠰᠢᠬᠦᠯᠦᠨ ᠪᠡᠶᠡᠯᠡᠬᠦᠯᠬᠦ ᠶᠢ ᠵᠢᠭᠠᠵᠤ ᠪᠤᠢ᠃ | ⒚ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠨᠠᠮ ᠤᠨ ᠱᠤᠭᠤᠮ᠂ ᠴᠢᠭᠯᠡᠯᠲᠡ᠂ ᠲᠦᠷᠦ | ᠶᠢᠨ ᠪᠣᠳᠣᠯᠭ᠎ᠠ ᠶᠢᠨ ᠤᠬᠠᠭᠤᠯᠭ᠎ᠠ ᠦᠨᠳᠦᠰᠦᠨ ᠱᠠᠲᠤᠨ ᠳᠤ ᠬᠦᠨᠵᠡᠬᠡᠶᠢᠷᠡᠬᠦ᠂ ᠪᠠᠶᠢᠴᠠᠭᠠᠨ ᠰᠤᠳᠤᠯᠤᠯᠲᠠ | ᠦᠨᠳᠦᠰᠦᠨ ᠱᠠᠲᠤᠨ ᠳᠤ ᠬᠦᠨᠵᠡᠬᠡᠶᠢᠷᠡᠬᠦ᠂ ᠵᠠᠬᠢᠳᠠᠯ ᠰᠣᠷᠪᠤᠯᠵᠢᠯᠠᠭ᠎ᠠ ᠢ ᠬᠦᠯᠢᠶᠡᠨ ᠠᠪᠬᠤ ᠠᠵᠢᠯ ᠦᠨᠳᠦᠰᠦᠨ | ᠱᠠᠲᠤᠨ ᠳᠤ ᠬᠦᠨᠵᠡᠬᠡᠶᠢᠷᠡᠬᠦ᠂ ᠠᠬᠤᠢ ᠲᠠᠯᠠᠪᠤᠷ ᠲᠤ ᠠᠵᠢᠯᠯᠠᠵᠤ ᠦᠨᠳᠦᠰᠦᠨ ᠱᠠᠲᠤᠨ ᠳᠤ ᠬᠦᠨᠵᠡᠭᠡᠶᠢᠷᠡᠬᠦ ᠶᠢ | ᠵᠢᠭᠠᠵᠤ ᠪᠤᠢ᠃ | ⒛ ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ᠄ ᠬᠤᠷᠠᠯ ᠤᠯᠠᠨ᠂ ᠬᠦᠳᠡᠯᠬᠡᠬᠡᠨ ᠤᠯᠠᠨ᠂ | ᠭᠠᠳᠠᠭᠰᠢ ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ | ᠴᠦᠬᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ | ᠤᠳᠠᠭᠠᠨ᠂ ᠪᠡᠶᠡᠯᠡᠬᠦᠯᠬᠦ ᠨᠢ ᠤᠳᠠᠭᠠᠨ᠂ ᠦᠷ᠎ᠡ ᠳ᠋ᠦᠩ ᠭᠠᠷᠭᠠᠬᠤ ᠨᠢ ᠤᠳᠠᠭᠠᠨ ᠵᠡᠷᠭᠡ ᠶᠢ ᠵᠢᠭᠠᠵᠤ ᠪᠤᠢ᠃ |