3 ᠳ᠋ᠤᠭᠠᠷ ᠰᠠᠷ᠎ᠠ ᠶᠢᠨ 5 ᠤ ᠡᠳᠦᠷ᠂ ᠮᠠᠨ ᠤ ᠬᠤᠰᠢᠭᠤ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ | ᠠᠷᠭᠠᠴᠠᠬᠤ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ | ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠯᠤᠭᠠᠨ᠎ᠠ | ᠬᠢᠵᠢᠭ ᠢ ᠰᠡᠷᠭᠡᠶᠢᠯᠡᠨ ᠡᠵᠡᠮᠲᠡᠬᠦ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2023 ᠣᠨ ᠤ ᠠᠵᠢᠯ ᠢ ᠳ᠋ᠦᠩᠨᠡᠵᠦ᠂ ᠣᠳᠣᠬᠠᠨ ᠤ | ᠪᠠᠶᠢᠳᠠᠯ ᠢ ᠵᠠᠳᠠᠯᠤᠨ ᠰᠤᠳᠤᠯᠵᠤ ᠂ 2024 ᠣᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠲᠡᠬᠦ ᠪᠠ | ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ | ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠶᠣᠣ ᠳ᠋ᠢ᠂ ᠴᠠᠩ ᠱᠦ ᠵᠢᠤᠸᠠᠨ ᠬᠤᠷᠠᠯ ᠳᠤ | ᠤᠷᠤᠯᠴᠠᠵᠤ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠵᠠᠶ᠃ | ᠬᠤᠷᠠᠯ ᠠᠴᠠ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠬᠤᠯᠤᠭᠠᠨ᠎ᠠ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠂ | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠠᠨᠲᠤ ᠶᠢᠨ ᠵᠥᠪᠯᠡᠯ ᠪᠠ ᠣᠶ ᠰᠢᠭᠤᠶ ᠲᠠᠯ᠎ᠠ ᠨᠤᠲᠤᠭ ᠵᠡᠷᠭᠡ ᠰᠠᠯᠠᠭ᠎ᠠ | ᠮᠥᠴᠢᠷ ᠤᠳ ᠱᠠᠯᠠᠪᠲᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠭᠰᠠᠨ ᠪᠠᠶᠢᠴᠠᠭᠠᠯᠲᠠ ᠶᠢ ᠢᠳᠡᠪᠬᠢᠲᠡᠶ | ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠠ ᠠᠵᠢᠯᠯᠠᠭ᠎ᠠ ᠶᠢ ᠪᠠᠶᠢᠴᠠᠭᠠᠨ ᠰᠢᠢᠤᠨᠪᠥᠷᠢᠯᠠᠵᠤ᠂ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠺᠠᠳ᠋ᠷ᠂ ᠭᠠᠴᠠᠭᠠᠨ ᠤ ︽ᠬᠤᠶᠠᠷ | ᠵᠥᠪᠯᠡᠯ︾ ᠠᠵᠢᠯ ᠪᠠᠨ ᠬᠤᠪᠢᠶᠠᠷᠢᠯᠠᠨ ᠬᠡᠰᠡᠭ ᠬᠡᠰᠡᠭ ᠢᠶᠠᠷ ᠳᠠᠭᠠᠭᠠᠴᠢᠯᠠᠨ ᠬᠠᠷᠢᠭᠤᠴᠠᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠦᠨᠡᠨᠬᠦ | ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠬᠠᠮᠵᠢᠯᠴᠠᠭ᠎ᠠ ᠪᠠᠨ | ᠴᠢᠩᠭᠠᠳᠬᠠᠵᠤ᠂ ᠲᠤᠤᠷᠴᠢᠯᠠᠭᠰᠠᠨ ᠬᠠᠮᠢᠶᠠᠷᠤᠯᠲᠠ ᠶᠢᠨ ᠡᠵᠡᠮᠳᠡᠬᠦ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ ᠂ ᠬᠤᠯᠤᠭᠠᠨ᠎ᠠ ᠤᠰᠠᠳᠬᠠᠬᠤ ᠤᠬᠠᠭᠤᠯᠭ᠎ᠠ ᠶᠢᠨ | ᠠᠵᠢᠯ ᠢ ᠤᠯᠠᠨ ᠬᠡᠯᠪᠡᠷᠢ ᠮᠠᠶ᠋ᠢᠭ ᠢᠶᠠᠷ ᠥᠷᠨᠢᠭᠦᠯᠵᠤ᠂ ᠬᠤᠯᠤᠭᠠᠨ᠎ᠠ ᠤᠰᠠᠳᠬᠠᠬᠤ ᠮᠡᠳᠡᠯᠭᠡ ᠶᠢ ᠤᠯᠠᠨ ᠲᠥᠮᠡᠨ ᠳᠤ | ᠤᠬᠠᠭᠤᠯᠤᠨ ᠰᠤᠷᠲᠠᠯᠴᠢᠯᠠᠬᠤ ᠬᠡᠷᠡᠭᠲᠡᠢ ᠭᠡᠰᠠᠨ ᠪᠠᠶᠢᠨ᠎ᠠ᠃ | ᠬᠤᠷᠠᠯ ᠲᠡᠭᠡᠷ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ 2023 ᠣᠨ ᠤ | ᠪᠥᠬᠦ ᠬᠤᠰᠢᠭᠤᠨ ᠤ ᠬᠤᠯᠤᠭᠠᠨ᠎ᠠ ᠤᠰᠠᠳᠬᠠᠭᠰᠠᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠦᠨᠡᠯᠡᠨ | ᠵᠢᠱᠢᠵᠦ ᠵᠠᠷᠯᠠᠨ ᠮᠡᠳᠡᠭᠳᠡᠵᠦ᠂ 2024 ᠣᠨ ᠤ ᠬᠤᠯᠤᠭᠠᠨ᠎ᠠ ᠶᠢᠨ ᠭᠠᠮᠰᠢᠭ ᠤᠨ ᠭᠤᠤᠯᠳᠠᠯᠭ᠎ᠠ ᠲᠠᠢ ᠣᠷᠣᠨ ᠳᠤ | ᠵᠠᠳᠠᠯᠤᠯᠲᠠ ᠬᠢᠵᠦ᠂ ᠬᠤᠲᠠ ᠪᠠᠯᠭᠠᠰᠤᠨ ᠤ ᠡᠷᠬᠢᠨ ᠲᠣᠭᠤᠷᠢᠨ ᠤ 2 ᠺᠢᠯᠣᠮᠧᠲᠷ ᠤᠨ ᠬᠡᠪᠴᠢᠶᠡᠨ ᠳᠠᠬᠢ | ᠬᠤᠯᠤᠭᠠᠨ᠎ᠠ ᠤᠰᠠᠳᠬᠠᠬᠤ ᠠᠵᠢᠯ ᠪᠠ ᠬᠠᠪᠤᠷ ᠤᠨ ᠤᠯᠠᠷᠢᠯ ᠤᠨ ᠲᠠᠯ᠎ᠠ ᠨᠤᠲᠤᠭ ᠬᠠᠮᠠᠭᠠᠯᠠᠯᠲᠠ ᠶᠢᠨ ᠴᠢᠨᠠᠷᠲᠠᠶ | ᠬᠤᠯᠤᠭᠠᠨ᠎ᠠ ᠤᠰᠠᠳᠬᠠᠬᠤ ᠠᠵᠢᠯ ᠳᠤ ᠲᠣᠬᠢᠷᠠᠭᠤᠯᠤᠯᠲᠠ ᠬᠢᠵᠡᠶ᠃ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠤᠯᠤᠭᠠᠨ᠎ᠠ ᠬᠢᠵᠢᠭ ᠤᠨ | ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠵᠢᠴᠢ ᠬᠤᠰᠢᠭᠤ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠤᠨ ᠬᠤᠷᠠᠯ ᠳᠤ | ᠣᠷᠣᠯᠴᠠᠵᠠᠶ᠃ | |