ᠮᠠᠨ ᠤ ᠬᠤᠰᠢᠭᠤ 114 ᠳ᠋ᠤᠭᠡᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/19

         114 ᠳ᠋ᠤᠭᠡᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠶᠢᠨ

ᠲᠤᠰᠠᠲᠠ᠂ 3 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠣᠶᠣᠯ

ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠲᠤᠯᠭᠡ ᠶᠢᠨ

ᠤᠶᠢᠯᠡᠴᠢᠯᠡᠭᠡᠨ ᠤ ᠲᠥᠪ ᠬᠠᠮᠲᠤᠷᠠᠨ ︽ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ

ᠲᠠᠭᠠᠵᠤ ᠤᠷᠤᠭᠰᠢᠯᠠᠬᠤ — ᠤᠮᠠᠷᠠᠲᠤ ᠬᠢᠯᠢ ᠶᠢᠨ ᠡᠮᠡᠭᠲᠡᠶᠢᠴᠦᠳ ᠨᠠᠮ ᠢᠶᠠᠨ ᠲᠠᠭᠠᠵᠤ ᠰᠢᠨ᠎ᠡ ᠡᠷᠡᠨ ᠳᠤ

ᠡᠷᠮᠡᠬᠡᠶᠢᠯᠡᠨ ᠤᠷᠤᠭᠰᠢᠯᠠᠵᠤ ᠰᠢᠨ᠎ᠡ ᠭᠠᠪᠢᠶ᠎ᠠ ᠵᠢᠤᠨᠬᠦᠯ ᠥᠵᠡᠭᠦᠯᠤᠶ᠎ᠡ︾ ᠭᠡᠬᠦ ᠰᠡᠳᠦᠪᠳᠦ ︽3 · 8︾ ᠤ ᠳᠡᠯᠡᠬᠡᠶ

 ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ᠂ ᠬᠤᠰᠢᠭᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠥᠷᠡᠨ᠂ ᠬᠤᠰᠢᠭᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠬᠥᠮᠤᠵᠢᠯ᠂ ᠬᠤᠰᠢᠭᠤ

ᠤᠯᠤᠰ ᠲᠦᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠬᠠᠲᠠ ᠠᠵᠢᠯᠯᠠᠭ᠎ᠠ ᠳᠤ ᠣᠷᠣᠯᠴᠠᠵᠠᠶ᠃

         ᠰᠠᠴᠤᠷᠠᠨ ᠠᠴᠠ᠂ ᠪᠦᠭᠦ ᠬᠤᠰᠢᠭᠤᠨ ᠤ ᠡᠮᠡᠭᠲᠡᠶᠢᠴᠦᠳ ᠲᠤ ᠪᠠᠶᠠᠷ ᠤᠨ ᠡᠳᠦᠷ ᠤᠨ ᠮᠠᠨᠳᠤᠴᠢᠯᠠᠯ

ᠳᠡᠪᠰᠢᠭᠦᠯᠵᠦ᠂ ᠥᠷᠭᠡᠨ ᠤᠯᠠᠨ ᠡᠮᠡᠭᠳᠡᠢ ᠠᠵᠢᠯᠳᠠᠳ ᠪᠤᠯᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ

ᠲᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ

ᠳᠡᠪᠰᠢᠭᠦᠯᠵᠦ᠂ ᠡᠮᠡᠭᠲᠡᠶᠢᠴᠦᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠦᠵᠡᠯ ᠰᠠᠨᠠᠭ᠎ᠠ᠂ ᠰᠦᠭ

ᠰᠦᠨᠡᠰᠦ ᠳᠡᠭᠡᠨ ᠰᠢᠩᠭᠡᠭᠡᠵᠦ᠂ ᠦᠢᠯᠡᠳᠦᠯᠭᠡ ᠳᠡᠭᠡᠨ ᠠᠭᠤᠰᠬᠠᠬᠤ ᠶᠢ ᠵᠣᠷᠢᠭᠵᠢᠭᠤᠯᠵᠤ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠡᠶ᠎ᠡ ᠪᠠᠨ ᠬᠦᠨᠳᠦᠳᠬᠡᠬᠦ᠂ ᠪᠡᠶ᠎ᠡ ᠪᠠᠨ ᠢᠲᠡᠭᠡᠬᠦ᠂ ᠪᠡᠶ᠎ᠡ ᠪᠠᠨ

ᠳᠠᠭᠠᠭᠠᠬᠤ᠂ ᠪᠡᠶ᠎ᠡ ᠪᠠᠨ ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠣᠷᠭᠢᠯᠤᠮ᠎ᠠ

ᠬᠠᠯᠠᠭᠤᠨ ᠠᠵᠢᠯ ᠤᠨ ᠰᠡᠳᠬᠢᠯᠭᠡ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ

ᠪᠠᠲᠤᠲᠠᠢ ᠠᠵᠢᠯ ᠤᠨ ᠰᠤᠷᠲᠠᠯ ᠢᠶᠠᠷ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠦᠴᠦᠨ ᠴᠢᠳᠠᠯ ᠢᠶᠠᠨ

ᠡᠷᠭᠦᠬᠦ ᠶᠢ ᠬᠥᠰᠡᠭᠰᠡᠨ ᠪᠠᠶᠢᠨ᠎ᠠ᠃

               

         ᠠᠵᠢᠯᠯᠠᠭ᠎ᠠ ᠳᠤ᠂ ᠬᠤᠰᠢᠭᠤ ᠤᠳᠤᠷᠢᠳᠤᠯᠭ᠎ᠠ ᠠᠴᠠ ᠲᠣᠰ ᠲᠣᠰ 6 ᠨᠡᠷ᠎ᠡ ᠪᠥᠬᠦ ᠬᠤᠰᠢᠭᠤᠨ ᠤ

ᠭᠠᠪᠢᠶ᠎ᠠ ᠪᠠᠶᠢᠭᠤᠯᠤᠭᠰᠠᠨ ᠡᠮᠡᠭᠲᠡᠶᠢᠴᠦᠳ ᠤᠨ ᠲᠡᠷᠢᠭᠦᠨ ᠤ ᠬᠠᠮᠲᠤ ᠨᠢᠭᠡᠴᠡ᠂ 14 ᠨᠡᠷ᠎ᠡ ᠤᠶᠢᠯᠠᠰ ᠪᠥᠲᠤᠭᠡᠭᠰᠡᠨ

ᠡᠮᠡᠭᠲᠡᠶᠢᠴᠦᠳ ᠤᠨ ᠵᠢᠱᠢᠶᠡᠴᠢ᠂ 10 ᠨᠡᠷ᠎ᠡ ᠬᠠᠮᠤᠭ ᠤᠨ ᠭᠤᠶᠣ ᠡᠮᠡᠭᠲᠡᠶ ᠠᠵᠢᠯᠲᠠᠨ᠂ 9 ᠨᠡᠷ᠎ᠡ ᠬᠠᠮᠤᠭ ᠤᠨ

ᠭᠤᠶᠤ ᠬᠠᠯᠠᠭᠤᠨ ᠰᠡᠳᠬᠢᠯᠲᠦ ᠠᠨᠢᠶ᠎ᠠ᠂ 8 ᠨᠡᠷ᠎ᠡ ᠬᠠᠮᠤᠭ ᠤᠨ ᠭᠤᠶᠤ ᠡᠮᠡᠭᠳᠡᠢ ᠰᠠᠶᠢᠨ ᠳᠤᠷ᠎ᠠ ᠶᠢᠨ

ᠠᠵᠢᠯᠯᠠᠭᠴᠢ ᠳᠤ ᠱᠠᠩᠨᠠᠯ ᠭᠠᠷᠲᠠᠭᠤᠯᠵᠤ᠂ ᠤᠯᠤᠰ ᠤᠨ ᠲᠠᠰ ᠤᠨ ᠬᠠᠮᠤᠭ ᠤᠨ ᠭᠤᠶᠣ ᠬᠡᠷ ᠪᠦᠯᠢ ᠤᠳᠬᠤᠡᠰᠤᠶᠤᠯ

ᠪᠠ ᠬᠤᠰᠢᠭᠤ ᠲᠠᠰ ᠤᠨ ᠬᠠᠮᠤᠭ ᠤᠨ ᠭᠤᠶᠣ ᠬᠡᠷ ᠪᠦᠯᠢ ᠬᠠᠨ ᠱᠦ ᠮᠢᠨ 韩淑敏 ᠠᠴᠠ ᠥᠪᠡᠷᠰᠡᠤᠨ ᠤᠨ

ᠥᠯᠢᠭᠡᠷ ᠳᠠᠭᠤᠷᠢᠶᠠᠯ ᠢᠶᠠᠨ ᠣᠯᠠᠨ ᠳᠤ ᠬᠤᠪᠢᠶᠠᠯᠴᠠᠭᠰᠠᠨ ᠪᠠᠶᠢᠨ᠎ᠠ᠃

         

         ᠤᠯᠠᠨ ᠢᠶᠠᠷ ᠢᠶᠠᠨ ︽ᠷᠢᠳᠢ ᠰᠢᠳᠢ ᠲᠠᠢ ᠡᠮᠡᠭᠲᠡᠶᠢᠴᠦᠳ ᠤᠨ ᠭᠤᠶᠢᠳᠠ ᠰᠠᠶᠢᠬᠠᠨ ᠪᠠᠳᠠᠷᠠᠯ︾᠂

ᠤᠯᠠᠭᠠᠨᠮᠥ᠋ᠴᠢᠷ ᠤᠨ ︽ᠮᠤᠷᠢᠨ ᠨᠢᠷᠤᠭᠤᠨ ᠳᠡᠭᠡᠷᠡᠬᠢ ᠬᠠᠶᠢᠷ᠎ᠠ ᠰᠡᠳᠬᠢᠯᠭᠡ︾ ᠭᠡᠬᠦ ᠤᠷᠠᠨ ᠰᠠᠶᠢᠬᠠᠨ ᠤ

ᠲᠣᠭᠯᠠᠯᠲᠠ ᠶᠢ ᠰᠣᠨᠢᠷᠬᠠᠵᠤ᠂ ᠪᠥᠬᠦ ᠬᠤᠰᠢᠭᠤᠨ ᠤ ᠡᠯ᠎ᠡ ᠨᠢᠭᠡᠴᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ

ᠡᠮᠡᠭᠳᠡᠢ ᠠᠵᠢᠯᠳᠠᠳ ᠪᠡᠶ᠎ᠡ ᠪᠠᠨ ᠳᠠᠭᠠᠭᠠᠬᠤ᠂ ᠪᠡᠶ᠎ᠡ ᠳᠡᠭᠡᠨ ᠢᠲᠡᠭᠡᠯ ᠲᠠᠢ ᠪᠠᠶᠢᠬᠤ ᠴᠤᠭ ᠵᠢᠪᠬᠤᠭ᠎ᠠ ᠶᠢ ᠢᠯᠡᠷᠡᠭᠦᠯᠵᠦ

᠂ ᠡᠮᠡᠭᠲᠡᠶᠢᠴᠦᠳ ᠤᠨ ᠠᠮᠢᠳᠤᠷᠠᠯ ᠤᠨ ᠲᠤᠬᠠᠶ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠢᠷᠡᠭᠡᠳᠦᠶ ᠶᠢᠨ ᠬᠦᠰᠡᠯ

ᠡᠷᠡᠮᠡᠯᠵᠡᠯ ᠢ ᠢᠯᠡᠳᠬᠡᠵᠦ᠂ ᠡᠮᠡᠭᠲᠡᠶᠢᠴᠦᠳ ᠤᠨ ᠨᠡᠶᠢᠭᠡᠮ ᠤᠨ ᠬᠥᠭᠵᠢᠯᠲᠡ ᠶᠢᠨ ᠲᠤᠮᠲᠠ ᠦᠵᠡᠬᠦᠯᠦᠭᠰᠡᠨ ᠴᠢᠬᠤᠯᠠ

ᠤᠶᠢᠯᠡᠲᠤᠯ ᠪᠠ ᠬᠤᠪᠢ ᠨᠡᠮᠡᠷᠢ ᠶᠢ ᠮᠠᠭᠲᠠᠨ ᠲᠠᠭᠤᠯᠠᠭᠰᠠᠨ ᠪᠠᠶᠢᠨ᠎ᠠ᠃

         ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ᠂ ᠬᠡᠰᠡᠭ ᠲᠡᠷᠢᠭᠦᠨ ᠤ ᠬᠤᠪᠢ ᠬᠥᠮᠦᠨ᠂ ᠦᠨᠳᠦᠰᠦᠨ

ᠱᠠᠲᠤᠨ ᠤ ᠡᠮᠡᠭᠳᠡᠢ ᠠᠵᠢᠯᠲᠠᠨ᠂ ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠡᠮᠡᠭᠲᠡᠶᠢᠴᠦᠳ ᠤᠨ ᠵᠥᠪᠯᠡᠯ ᠤᠨ

ᠡᠷᠬᠢᠯᠡᠭᠴᠢ᠂ ᠡᠮᠡᠭᠲᠡᠶ ᠰᠠᠶᠢᠨ ᠳᠤᠷ᠎ᠠ ᠶᠢᠨ ᠠᠵᠢᠯᠯᠠᠭᠴᠢ ᠵᠢᠴᠢ ᠡᠯ᠎ᠡ ᠠᠵᠢᠯ ᠲᠥᠷᠥᠯ ᠤᠨ ᠰᠢᠯᠢᠳᠡᠭ ᠡᠮᠡᠭᠲᠡᠶ

ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号