ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠯᠳᠠᠨᠳᠠᠯᠠᠢ ᠦᠨᠳᠦᠰᠦᠨ ᠱᠠᠲᠤᠨ ᠳᠤ | 40 ᠰᠢᠬᠠᠮ ᠵᠢᠯ ᠰᠠᠭᠤᠷᠢᠰᠢᠵᠤ᠂ ᠮᠢᠩᠭ᠎ᠠ ᠭᠠᠷᠤᠢ ᠲᠠᠯᠠᠪᠠᠢ ᠲᠤᠭᠯᠠᠯᠳᠠ ᠵᠣᠬᠢᠶᠠᠨ ᠪᠠᠶᠢᠭᠤᠯᠵᠦ᠂ ᠠᠷᠠᠳ | ᠤᠯᠠᠨ ᠳᠤ ᠤᠳᠬ᠎ᠠ ᠤᠷᠠᠯᠢᠭ ᠤᠨ ᠷᠢᠳᠢ ᠰᠢᠳᠠᠢ ᠶᠢ ᠮᠡᠳᠡᠷᠡᠬᠦᠯᠵᠠᠢ᠃ ᠲᠡᠷᠡᠤᠷᠢᠳ ᠬᠤᠵᠢᠳ 60 | ᠭᠠᠷᠤᠶ ᠳᠠᠭᠤᠤ ᠪᠦᠵᠢᠭᠳᠦ ᠪᠦᠲᠦᠭᠡᠯ᠂ 4 ᠲᠠᠶᠢᠰᠠᠨ ᠤ ᠵᠦᠴᠦᠭᠡ ᠵᠣᠬᠢᠶᠠᠨ ᠪᠦᠲᠦᠭᠡᠵᠦ᠂ ᠣᠯᠠᠨ ᠤᠯᠤᠰ ᠤᠨ | ᠲᠠᠰ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠤᠨ ᠲᠠᠰ ᠤᠨ ᠱᠠᠩᠨᠠᠯ ᠢ ᠣᠯᠠᠨᠲᠠ | ᠭᠥᠷᠳᠡᠪᠡ᠃ | ᠠᠯᠳᠠᠠᠳᠠᠯᠠᠢ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ᠂ ᠬᠢᠯᠢ ᠬᠢᠵᠠᠭᠠᠷ ᠣᠷᠣᠨ ᠤ | ᠬᠥᠭᠵᠢᠯᠲᠡ ᠵᠡᠷᠭᠡ ᠬᠦᠷᠢᠶᠡᠨ ᠳᠠᠬᠢ ᠠᠰᠠᠭᠤᠳᠠᠯ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠳᠤ ᠨᠡᠩ ᠤᠯᠠᠨ ᠦᠨ᠎ᠡ ᠦᠷᠳᠡᠭ ᠲᠠᠢ ᠰᠠᠨᠠᠯ ᠳᠤᠷᠠᠳᠤᠯᠭ᠎ᠠ ᠲᠤᠷᠠᠳᠬᠤ ᠪᠠᠷ ᠪᠠᠶᠢᠨ᠎ᠠ᠃ | ᠲᠡᠷᠡ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠪᠠᠷ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠲᠦᠷᠤᠯ ᠲᠡᠮᠳᠡᠭ ᠢ ᠰᠢᠨ᠎ᠡ ᠪᠠᠷ ᠡᠭᠦᠳᠴᠦ᠂ ᠪᠦᠬᠦ | ᠬᠤᠰᠢᠭᠤᠨ ᠤ ᠰᠣᠶᠣᠯ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠥᠨᠢ ᠡᠭᠦᠷᠢᠳᠡ ᠲᠠᠯ᠎ᠠ | ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ ᠪᠤᠯᠤᠨ᠎ᠠ ᠬᠡᠵᠦ ᠶᠠᠷᠢᠵᠦ | ᠪᠠᠶᠢᠯ᠎ᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠬᠠᠷᠢᠭᠤᠴᠠᠭᠰᠠᠨ ᠠᠴᠠ | ᠨᠠᠰᠢ᠂ ᠠᠯᠳᠠᠨᠳᠠᠯᠠᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠳᠤ | ᠦᠢᠯᠡᠴᠢᠯᠡᠬᠦ ᠠᠤᠭ᠎ᠠ ᠶᠡᠭᠡ ᠦᠢᠯᠡᠰ ᠲᠤ ᠣᠷᠣᠯᠴᠠᠪᠠ᠃ | 2023 ᠣᠨ ᠳᠤ᠂ ᠠᠯᠳᠠᠠᠳᠠᠯᠠᠢ ᠬᠤᠰᠢᠭᠤ ᠤᠯᠠᠭᠠᠨᠮᠥ᠋ᠴᠢᠷ ᠤᠨ ᠲᠤᠭᠯᠠᠭᠴᠢᠳ ᠢ ᠳᠠᠭᠠᠭᠤᠯᠵᠤ | ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ ᠪᠠᠭᠤᠯᠭᠠᠬᠤ︾᠂ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠂ ︽ᠬᠤᠶᠠᠷ ᠢ ᠬᠦᠷᠢᠶᠡᠯᠡᠨ ᠬᠠᠮᠲᠤᠪᠠᠷ | ᠪᠠᠶᠢᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ︾᠂ ︽ᠤᠯᠠᠭᠠᠨᠮᠥ᠋ᠴᠢᠷ | ᠬᠢᠯᠢ ᠶᠢᠨ ᠪᠣᠭᠤᠮᠲᠠ ᠪᠠᠷ ᠬᠦᠨᠵᠡᠬᠡᠶᠢᠷᠡᠬᠦ︾ ᠵᠡᠷᠬᠡ ᠪᠠᠷ ᠭᠤᠣᠯ ᠰᠡᠳᠦᠪ ᠪᠣᠯᠭᠠᠭᠰᠠᠨ ᠤᠯᠠᠨ ᠲᠦᠮᠡᠨ ᠳᠤ | ᠦᠢᠯᠡᠴᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ᠃ ᠲᠡᠷᠡ ᠬᠡᠯᠡᠬᠦ ᠳᠡᠭᠡᠨ᠄ ︽ᠬᠠᠮᠢᠭ᠎ᠠ ᠠᠷᠠᠳ ᠲᠦᠮᠡᠨ | ᠪᠠᠶᠢᠪᠠᠯ ᠲᠡᠨᠳᠡ ᠳᠠᠷᠤᠶ ᠲᠠᠶᠢᠰᠠ ᠪᠠᠶᠢᠵᠦ᠂ ᠬᠠᠮᠢᠭ᠎ᠠ ᠲᠤᠭᠯᠠᠯᠳᠠ ᠬᠡᠷᠡᠭᠴᠡᠭᠡ ᠲᠠᠢ ᠪᠣᠯ ᠲᠣᠭᠯᠠᠯᠲᠠ ᠶᠢ ᠲᠡᠨᠳᠡ | ᠬᠦᠷᠭᠡᠵᠦ ᠥᠭᠭᠦᠨ᠎ᠡ︾ ᠭᠡᠵᠦ ᠶᠠᠷᠢᠨ᠎ᠠ᠃ ᠤᠯᠠᠨ ᠶᠠᠩᠵᠤ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠷᠠᠨ | ᠰᠠᠶᠢᠬᠠᠨ ᠤ ᠲᠣᠭᠯᠠᠯᠲᠠ ᠪᠠᠷ ᠳᠠᠮᠵᠢᠭᠤᠯᠵᠤ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠬᠢᠯᠢ ᠶᠢᠨ | ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠪᠣᠯᠤᠨ ᠮᠠᠯᠵᠢᠬᠤ ᠣᠷᠣᠨ ᠤ ᠠᠷᠠᠳ ᠤᠯᠠᠨᠤ ᠳᠤᠮᠳᠠ ᠬᠦᠷᠭᠡᠵᠦ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ | ᠴᠢᠳᠠᠯ ᠢᠶᠠᠨ ᠡᠷᠭᠦᠪᠡ ︔ 2023 ᠤᠨ ᠳᠤ᠂ ᠤᠯᠠᠭᠠᠨᠮᠥ᠋ᠴᠢᠷ 97 ᠲᠠᠯᠠᠪᠠᠢ ᠲᠣᠭᠯᠠᠯᠲᠠ ᠭᠠᠷᠭᠠᠵᠤ᠂ | ᠦᠵᠡᠭᠴᠢᠳ ᠤᠨ ᠲᠤᠭ᠎ᠠ 3.6 ᠲᠦᠮᠡᠨ ᠬᠥᠮᠦᠨ ᠤᠳᠠᠭ᠎ᠠ ᠳᠤ ᠬᠦᠷᠴᠦ᠂ ᠰᠢᠭᠤᠳ ᠨᠡᠪᠳᠡᠷᠡᠬᠦᠯᠬᠡ | ᠰᠤᠨᠢᠷᠬᠠᠭᠴᠢᠳ ᠤᠨ ᠲᠤᠭ᠎ᠠ 6.2 ᠲᠦᠮᠡᠨ ᠬᠥᠮᠦᠨ ᠤᠳᠠᠭ᠎ᠠ ᠳᠤ ᠬᠦᠷᠴᠠᠢ᠃ 2023 ᠤᠨ ᠳᠤ | ᠠᠯᠳᠠᠠᠳᠠᠯᠠᠢ ︽ ᠬᠢᠯᠢ ᠳᠤ ᠤᠶᠠᠩᠭᠠᠷᠠᠭᠰᠠᠨ ᠤᠯᠠᠭᠠᠨᠮᠥ᠋ᠴᠢᠷ — ᠳᠤᠷᠠᠨ︾ ᠬᠡᠬᠦ ᠪᠦᠳᠦᠬᠡᠯ ᠢ ᠵᠣᠬᠢᠶᠠᠨ | ᠪᠦᠳᠦᠬᠡᠵᠦ᠂ ᠤᠷᠠᠯᠢᠭ ᠤᠨ ᠪᠦᠲᠦᠭᠡᠯ ᠤᠨ ᠬᠡᠯᠪᠡᠷᠢ ᠪᠠᠷ ᠦᠨᠳᠦᠰᠦᠨ ᠱᠠᠲᠤᠨ ᠤ ᠤᠯᠠᠭᠠᠨᠮᠥ᠋ᠴᠢᠷ ᠤᠨ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ︽ᠬᠤᠪᠢᠰᠬᠠᠯᠲᠤ | ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠤᠨ ᠬᠦᠴᠦᠨ ᠴᠢᠳᠠᠯ ᠢᠶᠠᠨ ᠡᠷᠭᠦᠭᠰᠡᠨ ᠦᠨᠡᠨ ᠪᠣᠳᠠᠲᠠᠢ | ᠦᠯᠢᠭᠡᠷ ᠤᠳ ᠢ ᠳᠡᠯᠭᠡᠨ ᠦᠵᠡᠬᠦᠯᠵᠦ᠂ ᠪᠦᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ | ᠵᠦᠴᠦᠭᠡ ᠶᠢᠨ ᠲᠦᠷᠦᠯ ᠤᠨ ᠰᠢᠨ᠎ᠡ ᠵᠦᠴᠦᠭᠡ ᠶᠢᠨ ᠪᠦᠲᠦᠭᠡᠯ ᠤᠨ ᠱᠠᠩᠨᠠᠯ ᠢ ᠬᠦᠷᠳᠡᠵᠡᠢ᠃ | |