ᠸᠠᠩ ᠶᠦᠩ ᠵᠢᠶᠦ᠋ᠨ ᠮᠠᠨᠳᠠᠯᠳᠦ ᠪᠠᠯᠭᠠᠰᠤᠨ ᠤ ᠲᠠᠷᠬᠠᠠᠰᠢᠯᠢ ᠭᠠᠴᠠᠭᠠᠨ ᠳᠤ ᠭᠦᠨᠵᠡᠭᠡᠶᠢᠷᠡᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/19

         3 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ

ᠵᠢᠶᠦ᠋ᠨ  ᠮᠠᠨᠳᠠᠯᠳᠦ ᠪᠠᠯᠭᠠᠰᠤᠨ ᠤ ᠲᠠᠷᠬᠠᠠᠰᠢᠯᠢ ᠭᠠᠴᠠᠭᠠᠨ ᠳᠤ ᠭᠦᠨᠵᠡᠭᠡᠶᠢᠷᠡᠨ ᠬᠠᠰᠢᠶᠠᠯᠠᠨ ᠲᠡᠵᠢᠭᠡᠬᠦ ᠮᠠᠯ ᠠᠵᠤ

ᠠᠬᠤᠶ᠂ ᠮᠠᠯ ᠠᠵᠤ ᠠᠬᠤᠶ ᠶᠢᠨ ᠲᠤᠰᠬᠠᠶ ᠬᠤᠷᠰᠢᠶᠡᠵᠢᠯ ᠤᠨ ᠡᠵᠡᠩᠨᠡᠯᠲᠡ᠂ ᠭᠠᠴᠠᠭᠠᠨ ᠤ ᠬᠠᠮᠲᠤ ᠶᠢᠨ ᠠᠵᠤ

ᠠᠬᠤᠶ᠂ ᠪᠦᠬᠦᠯᠢ ᠡᠳᠦᠷ ᠤᠨ ᠪᠤᠷᠳᠤᠭ᠎ᠠ ᠪᠣᠯᠪᠠᠰᠤᠷᠠᠭᠤᠯᠬᠤ ᠵᠢᠴᠢ ᠬᠠᠪᠤᠷ ᠤᠨ ᠤᠯᠠᠷᠢᠯ ᠤᠨ ᠲᠥᠯ ᠲᠤᠰᠴᠤ

ᠪᠤᠶᠢᠵᠢᠭᠤᠯᠬᠤ ᠠᠵᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃

         ᠴᠠᠭᠠᠠᠬᠠᠳᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠳᠤ᠂ ᠸᠠᠩ ᠶᠦᠩ ᠵᠢᠶᠦ᠋ᠨ ᠠᠵᠤ

ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠣᠳᠣᠬᠠᠨ ᠤ ᠦᠢᠯᠡᠳᠪᠦᠷᠢᠯᠡᠯ ᠡᠵᠡᠩᠨᠡᠯᠲᠡ᠂

ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠮᠠᠯ

 ᠤᠨ ᠲᠠᠷᠭᠤ ᠬᠦᠴᠦ ᠵᠢᠴᠢ ᠰᠢᠨᠵᠢᠯᠡᠬᠦ ᠤᠬᠠᠭᠠᠨᠴᠢ ᠪᠠᠷ ᠬᠠᠰᠢᠶᠠᠯᠠᠨ ᠨᠠᠷᠢᠯᠢᠭ ᠲᠡᠵᠢᠭᠡᠵᠦ ᠪᠠᠶᠢᠭ᠎ᠠ ᠪᠠᠶᠢᠳᠠᠯ ᠢ

ᠣᠶᠢᠯᠠᠭᠠᠪᠠ᠃

         ᠸᠠᠩ ᠶᠦᠩ ᠵᠢᠶᠦ᠋ᠨ᠄ ᠤᠯᠤᠰ ᠤᠨ ᠠᠯᠠᠰᠢᠨ ᠦᠬᠡᠷ ︵ᠬᠤᠸᠠ ᠰᠢ ᠦᠬᠡᠷ︶ ᠤᠨ ᠭᠤᠣᠯ ᠡᠭᠦᠯᠳᠡᠷ

ᠪᠤᠶᠢᠵᠢᠭᠤᠯᠬᠤ ᠲᠠᠯᠠᠪᠠᠶ ᠪᠣᠯᠤᠭᠰᠠᠨ ᠤ ᠬᠤᠪᠢ ᠳᠤ᠂ ᠴᠠᠭᠠᠠᠬᠠᠳᠠ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ 

᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂

ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠤᠸᠠ ᠰᠢ ᠦᠬᠡᠷ ᠢ

ᠦᠷᠭᠦᠯᠵᠢᠯᠡᠨ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠢᠳᠡᠪᠬᠢᠲᠡᠶ ᠠᠬᠢᠭᠤᠯᠵᠦ᠂ ᠪᠦᠬᠦᠯᠢ ᠡᠳᠦᠷ ᠤᠨ

ᠪᠤᠷᠳᠤᠭ᠎ᠠ ᠨᠠᠶᠢᠷᠠᠭᠤᠯᠬᠤ ᠮᠡᠷᠭᠡᠵᠢᠯ ᠤᠨ ᠨᠥᠭᠡᠴᠡᠯᠡᠯᠲᠡ ᠶᠢ ᠴᠢᠩᠭᠠᠷᠠᠭᠤᠯᠤᠨ᠂ ᠮᠠᠯ ᠠᠵᠤ ᠠᠬᠤᠶ ᠶᠢᠨ ᠮᠡᠷᠭᠡᠵᠢᠯ ᠢ

ᠳᠡᠯᠭᠡᠷᠡᠭᠦᠯᠬᠦ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠰᠢᠶᠠᠯᠠᠨ ᠲᠡᠵᠢᠭᠡᠬᠦ ᠮᠠᠯ

ᠠᠵᠤ ᠠᠬᠤᠶ ᠵᠢᠴᠢ ᠪᠡᠯᠡᠳᠭᠡᠮᠵᠢᠳᠤ ᠮᠠᠯ ᠠᠵᠤ ᠠᠬᠤᠶ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ

ᠠᠵᠤ ᠠᠬᠤᠶᠢᠯᠠᠯ ᠪᠣᠯᠬᠤ ᠪᠠᠷ ᠴᠢᠷᠮᠠᠶᠢᠨ᠂ ᠡᠷᠬᠢᠨ ᠲᠣᠭᠤᠷᠢᠨ ᠤ ᠮᠠᠯᠴᠢᠳ ᠢ ᠳᠠᠶᠢᠴᠢᠯᠠᠨ ᠦᠢᠯᠡᠳᠪᠦᠷᠢᠯᠡᠯ

ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠵᠤ᠂ ᠲᠡᠵᠢᠭᠡᠨ ᠦᠷᠡᠵᠢᠭᠦᠯᠬᠦ ᠶᠠᠰᠤ ᠴᠢᠨᠠᠷ ᠦᠷ᠎ᠡ ᠠᠰᠢᠭ ᠢ

ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠦᠢᠯᠡᠰ ᠤᠨ ᠠᠵᠤ ᠦᠶᠢᠯᠡᠰᠵᠢᠯᠲᠡ ᠶᠢᠨ

ᠠᠬᠢᠴᠠ ᠶᠢ ᠲᠦᠷᠬᠡᠳᠬᠡᠬᠦ ᠬᠡᠷᠡᠭᠳᠠᠢ ᠬᠡᠪᠡ᠃

         ᠮᠠᠯᠴᠢᠨ ᠡᠷᠦᠬᠡ ᠳᠤ᠂ ᠸᠠᠩ ᠶᠦᠩ ᠵᠢᠶᠦ᠋ᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠢ

ᠪᠠᠶᠢᠴᠠᠭᠠᠨ ᠦᠵᠡᠵᠦ᠂ ᠬᠠᠪᠤᠷ ᠤᠨ ᠤᠯᠠᠷᠢᠯ ᠤᠨ ᠲᠦᠯ ᠲᠣᠰᠴᠤ ᠪᠤᠶᠢᠵᠢᠭᠤᠯᠬᠤ ᠪᠠᠶᠢᠳᠠᠯ ᠢ ᠪᠠᠶᠢᠴᠠᠭᠠᠭᠰᠠᠨ ᠤ

ᠳᠠᠷᠠᠭ᠎ᠠ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠢ

ᠳᠡᠭᠡᠳᠦ ᠬᠡᠮᠵᠢᠶ᠎ᠡ ᠪᠠᠷ ᠠᠩᠬᠠᠷᠴᠤ᠂ ᠥᠷᠭᠡᠨ ᠤᠯᠠᠨ ᠮᠠᠯᠴᠢᠨ ᠲᠦᠮᠡᠨ ᠢ ᠬᠠᠪᠰᠤᠷᠤᠨ ᠲᠦᠯ ᠲᠣᠰᠴᠤ

ᠪᠤᠶᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶ᠎ᠠ ᠣᠷᠣᠨ ᠤ ᠮᠠᠯᠴᠢᠨ ᠡᠷᠦᠬᠡ ᠶᠢᠨ

ᠡᠪᠡᠰᠦ ᠪᠣᠷᠳᠤᠭ᠎ᠠ ᠶᠢᠨ ᠨᠥᠭᠡᠴᠡ ᠶᠢᠨ ᠪᠠᠶᠢᠳᠠᠯ ᠢ ᠲᠣᠳᠣᠷᠬᠠᠢ ᠤᠶᠢᠯᠭᠠᠨ᠂ ᠤᠬᠠᠭᠤᠯᠵᠤ ᠬᠦᠳᠦᠯᠦᠨ

ᠵᠢᠯᠣᠭᠤᠳᠬᠤ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠬᠤ

ᠬᠡᠷᠡᠭᠲᠡᠢ᠃ ᠡᠭᠦᠨ ᠤ ᠬᠠᠮᠲᠤ᠂ ᠦᠨᠳᠦᠰᠦᠨ ᠱᠠᠲᠤᠨ ᠤ ᠮᠠᠯᠴᠢᠨ ᠨᠠᠮ ᠤᠨ ᠭᠡᠰᠢᠭᠦᠨ ᠬᠤᠰᠢᠭᠤᠴᠢ ᠵᠢᠱᠢᠶᠡᠴᠢ

 ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠳᠡᠷᠭᠡᠳᠡᠬᠢ ᠬᠤᠪᠢᠷᠠᠯᠲᠠ ᠶᠢ ᠦᠨᠡᠨ ᠰᠡᠳᠬᠢᠯ ᠠᠴᠠ ᠪᠠᠨ

ᠶᠠᠷᠢᠵᠤ᠂ ᠮᠠᠯᠴᠢᠨ ᠲᠦᠮᠡᠨ ᠳᠤ ᠠᠰᠢᠭ ᠲᠤᠰᠠ ᠨᠢ ᠬᠠᠮᠢᠭ᠎ᠠ ᠪᠠᠶᠢᠬᠤ᠂ ᠠᠰᠢᠭ ᠲᠤᠰᠠ ᠨᠢ ᠬᠠᠮᠢᠭ᠎ᠠ ᠠᠴᠠ ᠢᠷᠡᠬᠦ

 ᠶᠢ ᠦᠨᠡᠨ ᠬᠦ ᠮᠡᠳᠡᠷᠡᠭᠦᠯᠵᠦ᠂ ︽ᠨᠠᠮ ᠢᠶᠠᠨ ᠬᠠᠮᠲᠤ ᠪᠠᠷ ᠳᠠᠭᠠᠵᠤ᠂ ᠵᠣᠯ ᠵᠢᠷᠭᠠᠯ ᠢ ᠬᠠᠮᠲᠤ ᠪᠠᠷ ᠡᠷᠢᠯᠬᠢᠯᠡᠬᠦ︾

ᠰᠡᠳᠬᠢᠯᠭᠡ ᠮᠡᠳᠡᠷᠡᠮᠵᠢ ᠶᠢ ᠨᠠᠩ ᠴᠢᠩᠭᠠᠳᠬᠠᠬᠤ ᠬᠡᠷᠡᠭᠲᠡᠶ ᠬᠡᠪᠡ᠃

         ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ

ᠠᠯᠪᠠᠨ ᠬᠡᠷ ᠤᠨ ᠡᠷᠬᠢᠯᠡᠭᠴᠢ ᠸᠠᠩ ᠬᠥᠩ ᠵᠢᠴᠢ ᠮᠠᠨᠳᠠᠯᠳᠦ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ

 ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号