ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠬᠤᠳᠠᠯᠳᠤᠭᠠᠨ ᠤ ᠶᠠᠪᠤᠳᠠᠯ ᠤᠨ ᠶᠠᠮᠤᠨ | ᠵᠡᠷᠭᠡ 9 ᠨᠢᠭᠡᠴᠢ ᠬᠤᠯᠪᠣᠭᠠᠯᠠᠨ ᠣᠶᠢᠷ᠎ᠠ ᠶᠢᠨ ᠬᠤᠭᠤᠴᠠᠭᠠᠨ ᠳᠤ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠠᠷᠠᠯᠵᠢᠶ᠎ᠠ ᠬᠠᠮᠲᠤᠷᠠᠯᠴᠠᠭ᠎ᠠ ᠶᠢᠨ ᠡᠷᠡᠭᠦᠯ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠷᠠᠯᠵᠢᠶ᠎ᠠ | ᠬᠠᠮᠲᠤᠷᠠᠯᠴᠠᠭ᠎ᠠ ᠶᠢᠨ ᠡᠷᠡᠭᠦᠯ ᠬᠥᠭᠵᠢᠯᠲᠡ ᠶᠢ ᠵᠢᠯᠣᠭᠤᠳᠤᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠪᠠᠷ ᠪᠠᠶᠢᠨ᠎ᠠ᠃ ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ | ᠵᠤᠷᠭᠠᠨ ᠤ ᠬᠠᠷᠢᠭᠤᠴᠠᠯᠭᠠᠲᠠᠨ ︽ᠰᠠᠨᠠᠯ︾ ᠳᠤ ᠲᠠᠶᠢᠯᠤᠮᠵᠢ ᠬᠢᠪᠡ᠃ | ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠠᠴᠠ᠂ ᠳᠡᠯᠡᠬᠡᠢ ᠶᠢᠨ ᠠᠵᠤ ᠠᠬᠤᠢ ᠶᠢᠨ ᠳᠣᠣᠷ᠎ᠠ ᠨᠡᠭᠦᠷᠡᠰᠦᠲᠥ᠋ᠷᠥᠭᠴᠢᠲᠦ | ᠲᠡᠶᠢᠰᠢ ᠬᠡᠯᠪᠡᠷᠢ ᠪᠠᠨ ᠬᠤᠪᠢᠷᠠᠭᠤᠯᠤᠭᠰᠠᠨ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ | ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠨᠡᠮᠡᠭᠳᠡᠬᠦ ᠶᠢ ᠲᠠᠶᠢᠴᠢᠯᠠᠵᠠᠢ᠃ ᠪᠦᠬᠦ ᠪᠥᠮᠪᠥᠷᠴᠡᠭ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠭᠤᠣᠯ ᠦᠢᠯᠡᠳᠪᠦᠷᠢᠯᠡᠬᠦ ᠤᠯᠤᠰ ᠪᠠ ᠬᠡᠷᠡᠭᠯᠡᠭᠡᠨ ᠤ ᠵᠠᠬ᠎ᠠ ᠳᠡᠯᠭᠡᠭᠦᠷ | ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠦᠢᠯᠡᠳᠪᠦᠷᠢᠯᠡᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠳᠡᠯᠡᠬᠡᠢ ᠶᠢᠨ ᠵᠠᠬ᠎ᠠ ᠳᠡᠯᠭᠡᠭᠦᠷ ᠲᠤ ᠭᠠᠷᠴᠤ᠂ | ᠭᠠᠳᠠᠭᠠᠳᠤ ᠭᠠᠷᠭᠠᠯᠲᠠ ᠶᠢᠨ ᠬᠡᠪᠴᠢᠶ᠎ᠡ ᠵᠢᠯ ᠳᠠᠷᠠᠭᠠᠯᠠᠨ ᠥᠷᠭᠡᠵᠢᠵᠦ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠠᠷᠠᠯᠵᠢᠶ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠷᠠᠯᠵᠢᠶ᠎ᠠ | ᠬᠠᠮᠲᠤᠷᠠᠯᠴᠠᠭ᠎ᠠ ᠶᠢᠨ ᠡᠷᠡᠭᠦᠯ ᠬᠥᠭᠵᠢᠯᠲᠡ ᠶᠢ ᠠᠬᠢᠭᠤᠯᠬᠤ ᠶᠢ ᠱᠠᠭᠠᠷᠳᠠᠪᠠ᠃ ᠬᠤᠳᠠᠯᠳᠤᠭᠠᠨ ᠤ ᠶᠠᠪᠤᠳᠠᠯ ᠤᠨ | ᠶᠠᠮᠤᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ | ᠬᠠᠮᠲᠤᠷᠠᠨ ᠪᠠᠶᠢᠴᠠᠭᠠᠨ ᠰᠤᠳᠤᠯᠤᠯᠲᠠ ᠶᠢ ᠥᠷᠭᠡᠨ ᠭᠦᠨᠵᠡᠭᠡᠢ ᠥᠷᠨᠢᠭᠦᠯᠵᠦ᠂ ᠠᠷᠠᠯᠵᠢᠶ᠎ᠠ ᠬᠠᠮᠲᠤᠷᠠᠯᠴᠠᠭ᠎ᠠ ᠶᠢᠨ | ᠬᠥᠭᠵᠢᠯᠲᠡ ᠶᠢᠨ ᠡᠷᠡᠭᠦᠯ᠂ ᠦᠷᠭᠦᠯᠵᠢᠯᠡᠬᠦ᠋ᠢᠴᠡ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠦᠨ᠂ ︽ᠰᠠᠨᠠᠯ︾ ᠢ | ᠲᠤᠭᠤᠷᠪᠢᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ︽ᠰᠠᠨᠠᠯ︾ ᠢ ᠵᠢᠩᠬᠢᠨᠢ ᠪᠠᠷ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠶᠠᠷ᠂ ︽ᠰᠠᠨᠠᠯ︾ ᠤᠨ ᠭᠤᠣᠯ ᠠᠭᠤᠯᠭ᠎ᠠ ︽ᠰᠠᠨᠠᠯ︾ ᠳᠤ ᠵᠢᠷᠭᠤᠭᠠᠨ ᠲᠠᠯ᠎ᠠ ᠠᠴᠠ 18 ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠨᠢᠭᠡ ᠳᠤ ᠳᠡᠯᠡᠬᠡᠶᠢᠴᠢᠯᠡᠭᠰᠡᠨ ᠡᠵᠡᠩᠨᠡᠯᠲᠡ ᠶᠢᠨ | ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ᠂ ᠭᠠᠳᠠᠭᠠᠳᠤ ᠶᠢᠨ ᠰᠤᠳᠤᠯᠤᠨ ᠨᠡᠭᠡᠭᠡᠬᠦ ᠬᠠᠮᠲᠤᠷᠠᠯᠴᠠᠭ᠎ᠠ ᠶᠢ | ᠵᠣᠷᠢᠭᠵᠢᠭᠤᠯᠬᠤ᠂ ᠭᠠᠳᠠᠭᠠᠳᠤ ᠶᠢᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠭᠠᠳᠠᠭᠠᠳᠤ ᠶᠢᠨ ᠬᠤᠯᠪᠣᠭᠳᠠᠯ ᠪᠦᠬᠦᠢ ᠠᠵᠤ | ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ᠂ ᠭᠠᠳᠠᠭᠠᠳᠤ ᠳᠤ ᠰᠡᠯᠪᠢᠬᠦ ᠵᠡᠷᠭᠡ ᠪᠣᠷᠣᠯᠠᠭᠤᠯᠤᠭᠰᠠᠨ ᠤ | ᠳᠠᠷᠠᠭᠠᠬᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠳᠡᠯᠡᠬᠡᠶᠢᠴᠢᠯᠡᠭᠰᠡᠨ ᠴᠢᠳᠠᠪᠤᠷᠢᠲᠠᠳ ᠢ | ᠢᠳᠡᠪᠬᠢᠲᠡᠢ ᠪᠠᠷ ᠬᠥᠮᠥᠵᠢᠭᠦᠯᠬᠦ ᠵᠡᠷᠭᠡ 5 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠬᠤᠶᠠᠷ ᠲᠤ ᠤᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠲᠡᠭᠡᠭᠡᠪᠦᠷᠢ ᠶᠢᠨ | ᠬᠠᠮᠢᠶᠠᠷᠤᠯᠲᠠ ᠶᠢ ᠰᠢᠯᠢᠳᠡᠭᠵᠢᠭᠦᠯᠬᠦ᠂ ᠲᠡᠭᠡᠭᠡᠪᠦᠷᠢ ᠶᠢᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠬᠤ ᠵᠡᠷᠭᠡ 2 | ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠭᠤᠷᠪᠠ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ | ᠲᠠᠯ᠎ᠠ ᠪᠠᠷ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠠᠷᠭ᠎ᠠ ᠶᠢ ᠰᠢᠯᠢᠳᠡᠭᠵᠢᠭᠦᠯᠬᠦ᠂ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠦᠢᠯᠡᠳᠦᠯ ᠢ ᠭᠦᠢᠴᠡᠳ ᠪᠠᠳᠠᠷᠠᠭᠤᠯᠬᠤ᠂ ᠠᠵᠤ ᠠᠬᠤᠶᠢᠯᠠᠯ ᠤᠨ | ᠭᠤᠪᠢᠭᠤᠯᠭ᠎ᠠ ᠶᠢᠨ ᠨᠣᠷᠮ᠎ᠠ ᠶᠢᠨ ᠠᠶᠤᠯ ᠠᠴᠠ ᠵᠠᠶᠢᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ᠂ | ᠠᠷᠠᠳ ᠤᠨ ᠵᠣᠭᠤᠰ ᠤᠨ ᠬᠢᠯᠢ ᠠᠯᠤᠰᠯᠠᠨ ᠳ᠋ᠦᠩᠨᠡᠨ ᠪᠤᠳᠤᠬᠤ ᠳᠤ ᠳᠥᠭᠦᠮᠯᠡᠬᠦ ᠵᠡᠷᠭᠡ 4 ᠵᠦᠢᠯ ᠤᠨ ᠠᠷᠭ᠎ᠠ | ᠬᠡᠮᠵᠢᠶ᠎ᠡ ᠶᠢ ᠳᠤᠷᠠᠳᠪᠠ᠃ ᠳᠥᠷᠪᠡ ᠳᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ᠂ | ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠢ ᠳᠡᠮᠵᠢᠬᠦ᠂ | ᠨᠡᠶᠢᠲᠡ ᠶᠢᠨ ᠲᠠᠪᠴᠠᠩ ᠤᠨ ᠲᠤᠰᠠᠯᠠᠮᠵᠢ ᠶᠢ ᠴᠢᠩᠭᠠᠷᠠᠭᠤᠯᠬᠤ ᠵᠡᠷᠭᠡ 2 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ | ᠃ ᠲᠠᠪᠤ ᠳᠤ ᠰᠠᠶᠢᠨ ᠰᠠᠶᠢᠬᠠᠨ ᠠᠷᠠᠯᠵᠢᠶᠠᠨ ᠤ ᠣᠷᠴᠢᠨ ᠨᠥᠬᠦᠴᠡᠯ ᠢ ᠪᠦᠷᠢᠯᠳᠦᠭᠦᠯᠬᠦ ᠲᠠᠯ᠎ᠠ ᠪᠠᠷ᠂ ᠪᠠᠷᠢᠮᠵᠢᠶ᠎ᠠ ᠶᠢ | ᠳᠡᠯᠡᠬᠡᠶᠢᠴᠢᠯᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠵᠤ ᠬᠠᠷᠢᠯᠴᠠᠨ ᠮᠡᠳᠡᠷᠡᠬᠦ ᠶᠢ ᠠᠬᠢᠭᠤᠯᠬᠤ᠂ ᠴᠢᠯᠦᠭᠡᠲᠦ | ᠠᠷᠠᠯᠵᠢᠶᠠᠨ ᠤ ᠬᠡᠯᠡᠯᠴᠡᠭᠡᠷ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠬᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ | 3 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠵᠢᠷᠭᠤᠭ᠎ᠠ ᠳᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ | ᠨᠡᠮᠡᠭᠳᠡᠭᠦᠯᠬᠦ ᠲᠠᠯ᠎ᠠ ᠪᠠᠷ᠂ ᠤᠯᠠᠨ ᠲᠠᠯᠠᠲᠤ ᠪᠠ ᠬᠤᠶᠠᠷ ᠲᠠᠯᠠᠲᠤ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ᠂ ᠤᠯᠤᠰ ᠤᠨ ᠭᠠᠳᠠᠨᠠᠬᠢ ᠠᠷᠠᠯᠵᠢᠶ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠲᠣᠬᠢᠲᠠᠢ | ᠠᠷᠭᠠᠴᠠᠭᠠᠬᠤ ᠵᠡᠷᠭᠡ 2 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ | ᠳᠠᠷᠠᠭ᠎ᠠ ᠪᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠭᠠᠵᠠᠷ ᠣᠷᠣᠨ ᠪᠠ | ᠰᠠᠯᠠᠭ᠎ᠠ ᠮᠥᠴᠢᠷ ᠤᠳ ᠲᠠᠢ ᠬᠠᠮᠲᠤᠷᠠᠨ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠪᠠ ᠲᠦᠷᠦ ᠶᠢᠨ ᠪᠣᠳᠣᠯᠭ᠎ᠠ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠭᠤᠣᠯᠴᠢ᠂ ᠲᠣᠭᠲᠠᠭᠤᠨ᠂ ᠪᠠᠭᠲᠠᠭᠠᠮᠵᠢᠲᠠᠢ᠂ ᠳᠥᠭᠦᠮ ᠠᠷᠠᠯᠵᠢᠶᠠᠨ ᠤ | ᠣᠷᠴᠢᠨ ᠨᠥᠬᠦᠴᠡᠯ ᠢ ᠢᠳᠡᠪᠬᠢᠲᠡᠢ ᠪᠠᠶᠢᠭᠤᠯᠵᠤ᠂ ᠡᠯ᠎ᠡ ᠤᠯᠤᠰ ᠯᠤᠭ᠎ᠠ ᠶᠢᠨ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠦᠷᠢᠶᠡᠨ ᠳᠠᠬᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ | ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠷᠠᠯᠵᠢᠶᠠᠨ ᠤ ᠬᠠᠮᠲᠤᠷᠠᠯᠴᠠᠭ᠎ᠠ ᠶᠢᠨ ᠡᠷᠡᠭᠦᠯ ᠢᠶᠠᠷ ᠦᠷᠭᠦᠯᠵᠢᠯᠡᠨ | ᠬᠥᠭᠵᠢᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠵᠠᠭᠪᠤᠷ ᠬᠢᠭᠡᠳ ᠪᠦᠬᠦ ᠪᠥᠮᠪᠥᠷᠴᠡᠭ ᠤᠨ ᠪᠣᠬᠢᠷᠲᠤᠯ ᠦᠭᠡᠢ | ᠬᠥᠭᠵᠢᠯᠲᠡ ᠶᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠨ᠎ᠡ᠃ |