3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠪᠠᠶᠠᠨᠨᠠᠭᠤᠷ ᠪᠠᠯᠭᠠᠰᠤᠨ ᠤ ᠴᠠᠭᠠᠨᠨᠠᠭᠤᠷ ᠭᠠᠴᠠᠭ᠎ᠠ᠂ ᠴᠠᠭᠠᠨᠪᠤᠯᠠᠭ ᠭᠠᠴᠠᠭᠠᠨ ᠳᠤ ᠭᠦᠨᠵᠡᠭᠡᠶᠢᠷᠡᠨ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ᠂ ᠴᠦᠯᠯᠡᠷᠭᠡᠭᠵᠢᠯ ᠢ ᠵᠠᠰᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠢᠴᠢ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃ | | ᠪᠥᠸᠧ ᠶᠠᠩ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠯᠡᠰᠦ ᠶᠢ ᠵᠠᠰᠠᠬᠤ ᠲᠦᠷᠦᠯ ᠵᠦᠢᠯ᠂ | 2024 ᠣᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ | ᠸᠠᠩ ᠶᠦᠩ ᠵᠢᠶᠦ᠋ᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠬᠡᠷᠡᠭᠵᠢᠭᠦᠯᠦᠯᠲᠡ ᠶᠢᠨ | ᠲᠥᠯᠥᠪᠵᠢᠭᠦᠯᠭᠡ ᠵᠢᠴᠢ ᠠᠬᠢᠴᠠ ᠶᠢ ᠨᠠᠷᠢᠨ ᠤᠶᠢᠯᠠᠭᠠᠬᠤ ᠶᠢᠨ ᠲᠠᠭᠠᠤ᠂ ᠴᠦᠯᠯᠡᠷᠭᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠤᠯᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠯᠳᠠ ᠪᠣᠯ ᠥᠪᠡᠷᠲᠡᠭᠡᠨ | ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠢ ᠰᠥᠨᠥᠭᠡᠬᠦ ᠳᠠᠶᠢᠯᠠᠯᠳᠤᠭᠠᠨ ᠤ ︽ᠨᠢᠭᠡᠳᠦᠭᠡᠷ ᠳᠠᠶᠢᠯᠠᠯᠳᠤᠭᠠᠨ︾ ᠢ ᠰᠠᠶᠢᠲᠤᠷ ᠬᠢᠬᠦ ᠨᠢ ᠲᠦᠢᠯ ᠤᠨ | ᠴᠢᠬᠤᠯᠠ᠂ ᠡᠯ᠎ᠡ ᠰᠠᠯᠠᠭ᠎ᠠ ᠮᠥᠴᠢᠷ ᠪᠣᠯᠤᠨ ᠲᠦᠷᠦᠯ ᠵᠦᠢᠯ ᠢ ᠬᠡᠷᠡᠭᠵᠢᠭᠦᠯᠬᠦ ᠲᠠᠯ᠎ᠠ ᠶᠢᠨ ᠬᠢᠨ ᠤᠷᠢᠳᠴᠢᠯᠠᠨ | ᠲᠥᠯᠥᠪᠵᠢᠭᠦᠯᠵᠦ᠂ ᠤᠷᠢᠳᠠᠪᠠᠷ ᠬᠥᠳᠡᠯᠦᠯᠴᠡᠵᠦ᠂ ᠲᠦᠷᠭᠡᠨ ᠠᠵᠢᠯᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠡᠪ ᠳᠠᠭᠤᠷᠢᠶᠠᠯ ᠦᠵᠡᠭᠦᠯᠬᠦ ᠲᠦᠷᠦᠯ ᠵᠦᠢᠯ ᠢ | ᠴᠢᠷᠮᠠᠶᠢᠨ ᠡᠭᠦᠳᠬᠦ ᠬᠡᠷᠡᠭᠲᠡᠢ᠃ ᠭᠠᠵᠠᠷ ᠰᠢᠷᠣᠢ ᠰᠣᠩᠭᠤᠨ ᠲᠣᠭᠲᠠᠭᠠᠬᠤ᠂ ᠣᠷᠣᠨ ᠪᠦᠰᠡ ᠶᠢ ᠬᠤᠪᠢᠶᠠᠷᠢᠯᠠᠬᠤ᠂ | ᠴᠢᠬᠢ ᠮᠣᠳᠣ ᠬᠠᠩᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ | ᠪᠦᠳᠦᠮᠵᠢᠳᠡᠢ ᠠᠷᠭ᠎ᠠ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠶ᠃ ᠡᠭᠦᠨ ᠤ ᠬᠠᠮᠲᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠴᠦᠯᠯᠡᠷᠭᠡᠭᠵᠢᠯᠯ ᠢ ᠰᠡᠷᠭᠡᠶᠢᠯᠡᠨ | ᠡᠯᠡᠰᠦ ᠶᠢ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠂ ᠨᠡᠶᠢᠭᠡᠮ ᠂ ᠠᠵᠤ | ᠠᠬᠤᠢ ᠶᠢᠨ ᠦᠷ᠎ᠡ ᠠᠰᠢᠭ ᠤᠨ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠳᠤᠮᠳᠠ᠂ ᠸᠠᠩ ᠶᠦᠩ ᠵᠢᠶᠦ᠋ᠨ ᠪᠠᠰᠠ ᠮᠠᠯᠴᠢᠨ ᠡᠷᠦᠬᠡ ᠶᠢᠨ ᠣᠳᠣᠬᠠᠨ ᠤ | ᠮᠠᠯᠵᠢᠬᠤ ᠦᠢᠯᠡᠳᠪᠦᠷᠢᠯᠡᠯ ᠠᠮᠢᠳᠤᠷᠠᠯ᠂ ᠮᠠᠯ ᠤᠨ ᠲᠤᠭ᠎ᠠ ᠲᠣᠯᠣᠭᠠᠢ᠂ ᠲᠥᠯ ᠤᠨ ᠤᠨᠳᠤᠷᠤᠯᠳᠠ ᠪᠤᠶᠢᠵᠢᠯᠳᠡ᠂ | ᠡᠪᠡᠰᠦ ᠪᠤᠷᠳᠣᠭᠠᠨ ᠤ ᠬᠠᠩᠭᠠᠯᠭ᠎ᠠ ᠶᠢᠨ ᠪᠠᠶᠢᠳᠠᠯ ᠵᠢᠴᠢ ᠦᠨᠳᠦᠰᠦᠨ ᠱᠠᠲᠤᠨ ᠤ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭᠠᠨ ᠤ ᠦᠷᠨᠢᠯᠳᠡ ᠶᠢᠨ ᠪᠠᠶᠢᠳᠠᠯ ᠢ ᠣᠶᠢᠯᠠᠭᠠᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ | ᠬᠡᠷ ᠤᠨ ᠡᠷᠬᠢᠯᠡᠭᠴᠢ ᠸᠠᠩ ᠬᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠱᠦ ᠵᠢᠤᠸᠠᠨ ᠵᠢᠴᠢ | ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ |