3 ᠳ᠋ᠤᠭᠠᠷ ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ | ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠰᠠᠯᠠᠭ᠎ᠠ ᠲᠠᠰ ᠤᠨ ᠺᠠᠳ᠋ᠷᠴᠤᠳ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ | ᠪᠤᠯᠪᠠᠰᠤᠷᠠᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ︽ᠠᠩᠬᠠᠨ ᠤ ᠬᠢᠴᠢᠶᠡᠯ︾ | ᠳᠤ ᠣᠷᠣᠯᠴᠠᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠰᠥᠩ ᠬᠤᠩ ᠪᠢᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠶᠣᠰᠣᠯᠠᠯ ᠳᠤ | ᠣᠷᠣᠯᠴᠠᠵᠠᠶ᠃ | ᠸᠠᠩ ᠶᠦᠩ ᠵᠢᠶᠦ᠋ᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠢᠨ ᠳᠣᠲᠣᠭᠠᠳᠤ ᠠᠭᠤᠯᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ | ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠬᠤ ᠨᠢ | ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠬᠥᠭᠵᠢᠯᠲᠡ ᠳᠠᠬᠢ ᠴᠢᠬᠤᠯᠠ ᠶᠡᠭᠡ ᠠᠴᠢ | ᠬᠤᠯᠪᠣᠭᠳᠠᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠦ ᠦᠨᠳᠦᠰᠦᠲᠡᠨ ᠤ ᠭᠠᠵᠠᠷ ᠣᠷᠣᠨ ᠤ ︽ᠵᠢᠷᠭᠤᠭᠠᠨ ᠶᠡᠭᠡ | ᠪᠦᠳᠦᠬᠡᠨ ᠪᠠᠶᠢᠭᠤᠯᠤᠯᠲᠠ︾ ᠶᠢ ᠲᠤᠤᠱᠯᠠᠭᠤᠯᠬᠤ ᠲᠤᠬᠠᠢ᠂ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠨᠠᠮ ᠤᠨ ᠬᠢᠴᠢᠶᠡᠯ ᠢ ᠤᠷᠤᠪᠠ᠃ | | ᠸᠠᠩ ᠶᠦᠩ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ | ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ᠂ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠳᠤᠳᠬᠠᠬᠤ ᠲᠠᠢ ᠨᠢᠭᠲᠠ ᠤᠶᠠᠯᠳᠤᠭᠤᠯᠤᠨ᠂ ᠠᠵᠤ ᠠᠬᠤᠶ᠂ ᠤᠯᠤᠰ ᠲᠦᠷᠦ ᠂ ᠰᠣᠶᠣᠯ ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ ᠴᠥᠮ | ᠡᠨᠡ ᠬᠦ ᠭᠤᠣᠯ ᠱᠤᠭᠤᠮ ᠠᠴᠠ ᠥᠴᠦᠬᠡᠨ ᠴᠦ ᠰᠠᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠣᠨᠣᠯ ᠤᠨ ᠬᠢᠷᠢ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ | ᠶᠡᠭᠡ ᠡᠭᠦᠷᠭᠡ ᠶᠢ ᠪᠥᠬᠦ ᠲᠠᠯ᠎ᠠ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠ ︽ᠵᠢᠷᠭᠤᠭᠠᠨ ᠢᠨᠵᠧᠨᠧᠷᠢᠩ︾ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠬᠡᠷᠡᠭᠲᠡᠶ ᠬᠡᠪᠡ᠃ | | ᠬᠢᠴᠢᠶᠡᠯ ᠵᠢᠭᠠᠬᠤ ᠶᠠᠪᠤᠴᠠ ᠳᠤ᠂ ᠸᠠᠩ ᠶᠦᠩ ᠵᠢᠶᠦ᠋ᠨ ᠪᠠᠰᠠ ᠨᠠᠮ ᠤᠨ ᠰᠤᠷᠭᠠᠭᠤᠯᠢ ᠶᠢᠨ | ᠬᠢᠴᠢᠶᠡᠯ ᠤᠨ ᠥᠭᠡᠷᠡᠴᠢᠯᠡᠯᠲᠡ ᠪᠣᠯᠤᠨ ᠬᠠᠮᠢᠶᠠᠷᠤᠯᠲᠠ᠂ ᠰᠤᠷᠤᠯᠴᠠᠯᠭ᠎ᠠ ᠶᠢᠨ ᠰᠠᠬᠢᠯᠭ᠎ᠠ ᠪᠠᠲᠤ ᠵᠡᠷᠭᠡ ᠲᠠᠯ᠎ᠠ ᠪᠠᠷ | ᠪᠣᠳᠠᠲᠠᠢ ᠱᠠᠭᠠᠷᠳᠠᠯᠭ᠎ᠠ ᠳᠤᠷᠠᠳᠴᠠᠢ᠃ | ᠲᠤᠰ ᠤᠳᠠᠭᠠᠨ ᠤ ᠪᠤᠯᠪᠰᠤᠷᠠᠯ ᠤᠨ ᠠᠩᠭᠢ ᠶᠢ ᠬᠤᠶᠠᠷ ᠬᠤᠭᠤᠴᠠᠭ᠎ᠠ ᠬᠤᠪᠢᠶᠠᠨ᠂ ᠰᠤᠷᠤᠯᠭ᠎ᠠ ᠶᠢᠨ | ᠬᠤᠭᠤᠴᠠᠭ᠎ᠠ ᠨᠢ 3 ᠡᠳᠦᠷ ᠪᠠᠶᠢᠵᠦ᠂ ᠤᠳᠤᠷᠢᠳᠬᠤ ᠺᠠᠳ᠋ᠷ ᠲᠠᠶᠢᠰᠠᠨ ᠳᠤ ᠭᠠᠷᠴᠤ ᠡᠷᠳᠡᠮ ᠰᠢᠨᠵᠢᠯᠡᠭᠡᠨ ᠤ ᠶᠠᠷᠢᠶ᠎ᠠ | ᠲᠠᠯᠪᠢᠬᠤ᠂ ᠲᠤᠰᠬᠠᠶ ᠮᠡᠷᠭᠡᠵᠢᠯᠲᠡᠨ ᠲᠤᠰᠬᠠᠶ ᠰᠡᠳᠦᠪᠲᠦ ᠲᠠᠶᠢᠯᠤᠮᠵᠢ ᠬᠢᠬᠦ᠂ ᠰᠣᠷᠣᠭᠴᠢ ᠳᠤᠭᠤᠶᠢᠯᠠᠩ ᠬᠤᠪᠢᠶᠠᠨ | ᠰᠤᠳᠤᠯᠤᠨ ᠶᠠᠷᠢᠯᠴᠠᠬᠤ ᠵᠢᠴᠢ ᠣᠨᠣᠯ ᠤᠨ ᠰᠢᠯᠭᠠᠯᠲᠠ ᠪᠠ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠬᠦ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ | ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠪᠠᠭ ᠤᠨ ᠪᠤᠰᠤᠳ | ᠪᠦᠷᠢᠯᠳᠦᠬᠦᠨ᠂ ᠬᠤᠶᠠᠳᠤᠭᠠᠷ ᠳᠡᠰ ᠤᠨ ᠨᠢᠭᠡᠴᠡ ᠶᠢᠨ ᠰᠠᠯᠠᠭ᠎ᠠ ᠲᠠᠰ ᠤᠨ ᠤᠳᠤᠷᠢᠳᠬᠤ ᠺᠠᠳ᠋ᠷ᠂ ᠡᠯ᠎ᠡ ᠰᠤᠮᠤ | ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠢᠳᠡᠷ ᠵᠠᠯᠠᠭᠤ ᠤᠳᠤᠷᠢᠳᠬᠤ ᠺᠠᠳ᠋ᠷ ᠪᠣᠯᠪᠠᠰᠤᠷᠠᠯ ᠳᠤ | ᠤᠷᠤᠯᠴᠠᠬᠤ ᠪᠤᠯᠤᠨ᠎ᠠ᠃ | |