3 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠬᠤᠰᠢᠭᠤ ᠢᠳᠡᠷ ᠵᠠᠯᠠᠭᠤ ᠺᠠᠳ᠋ᠷᠴᠤᠳ ᠤᠨ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠮᠦᠷᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠰᠦᠩ ᠬᠤᠩ ᠪᠢᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠶᠢᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠢ ᠤᠷᠢᠵᠤ ᠰᠤᠳᠤᠯᠤᠨ ᠶᠠᠷᠢᠯᠴᠠᠬᠤ ᠳᠤ ᠣᠷᠣᠯᠴᠠᠭᠤᠯᠵᠠᠶ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠰᠤᠳᠤᠯᠤᠨ ᠶᠠᠷᠢᠯᠴᠠᠬᠤ ᠠᠩᠭᠢ ᠶᠢᠨ ᠰᠤᠷᠤᠭᠴᠢᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠤᠯ ᠱᠤᠭᠤᠮ ᠢ ᠪᠠᠲᠤ | ᠴᠣᠭᠴᠠᠯᠠᠨ ᠪᠠᠶᠢᠭᠤᠯᠬᠤ ᠡᠭᠦᠷᠭᠡ ᠶᠢᠨ ᠲᠣᠭᠤᠷᠢᠨ ᠳᠤ᠂ ᠬᠤᠰᠢᠭᠤᠨ ᠤ ᠤᠳᠤᠬᠢ ᠪᠠᠶᠢᠳᠠᠯ ᠪᠣᠯᠤᠨ ᠪᠣᠳᠠᠲᠠᠶ | ᠠᠵᠢᠯ ᠲᠠᠢ ᠪᠠᠨ ᠤᠶᠠᠯᠳᠤᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠶᠢ ᠬᠡᠷᠬᠢᠨ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠢ ᠬᠡᠷᠬᠢᠨ ᠨᠠᠶᠢᠳᠠᠪᠤᠷᠢᠵᠢᠭᠤᠯᠬᠤ ᠲᠤᠬᠠᠶ | ᠰᠠᠨᠠᠯ ᠢᠶᠠᠨ ᠰᠣᠯᠢᠯᠴᠠᠨ ᠶᠠᠷᠢᠯᠴᠠᠭ᠎ᠠ ᠦᠷᠨᠢᠭᠦᠯᠪᠡ᠃ ᠲᠣᠰ ᠤᠳᠠᠭᠠᠨ ᠤ ᠶᠠᠷᠢᠯᠴᠠᠯᠭ᠎ᠠ ᠨᠢ ᠵᠣᠬᠢᠬᠤ ᠤᠨᠤᠯ ᠤᠨ | ᠰᠠᠭᠤᠷᠢ ᠶᠢ ᠪᠦᠷᠢᠯᠳᠦᠭᠦᠯᠦᠭᠰᠡᠨ ᠤ ᠬᠠᠮᠲᠤ ᠲᠤᠰ ᠨᠢᠭᠡᠴᠢ ᠶᠢᠨ ᠢᠶᠠᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠪᠠ ᠠᠵᠢᠯ ᠲᠠᠢ ᠪᠠᠨ ᠤᠶᠠᠯᠳᠤᠭᠤᠯᠵᠤ᠂ ᠤᠯᠠᠨ ᠲᠠᠯ᠎ᠠ ᠶᠢᠨ ᠰᠡᠳᠬᠢᠴᠡ ᠶᠢ ᠬᠠᠩᠭᠠᠵᠠᠢ᠃ ᠲᠣᠰ | ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠪᠣᠯ ᠪᠥᠬᠦ ᠬᠤᠰᠢᠭᠤᠨ ᠤ ᠢᠳᠡᠷ ᠵᠠᠯᠠᠭᠤ ᠤᠳᠤᠷᠢᠳᠬᠤ ᠺᠠᠳ᠋ᠷᠴᠤᠳ | ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ | ᠪᠠᠲᠤᠳᠬᠠᠬᠤ ᠨᠢᠭᠡ ᠤᠳᠠᠭᠠᠨ ᠤ ᠴᠢᠬᠤᠯᠠ ᠵᠢᠭᠠᠨ ᠰᠤᠷᠭᠠᠯᠲᠠ ᠶᠢᠨ ᠠᠵᠢᠯᠯᠠᠭ᠎ᠠ ᠪᠣᠯᠤᠨ᠎ᠠ᠃ ᠰᠤᠷᠤᠭᠴᠢᠳ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠨᠢᠵᠤ ᠡᠵᠡᠮᠰᠢᠬᠦ ᠶᠢᠨ ᠴᠢᠬᠤᠯᠠ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠳᠤ ᠰᠠᠭᠤᠷᠢ ᠳᠠᠯᠪᠢᠭᠰᠠᠨ ᠪᠠᠶᠢᠨ᠎ᠠ᠃ |