ᠮᠠᠨ ᠤ ᠬᠤᠰᠢᠭᠤᠨ ᠤ ᠤᠶᠢᠯᠠᠰ ᠪᠦᠲᠦᠬᠡᠬᠦ ᠬᠦᠷᠢᠶᠡᠯᠡᠩ ᠲᠣᠭᠤᠷᠢᠭ ᠲᠤ ᠡᠶᠢᠮᠦ ᠨᠢᠭᠡᠨ ᠠᠵᠢᠯᠲᠠᠨ | ᠪᠠᠶᠢᠳᠠᠭ᠃ ᠲᠡᠷᠡ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠢᠵᠢᠭ ᠶᠠᠪᠤᠳᠠᠯ ᠪᠦᠬᠦᠨ ᠢ ᠬᠢᠨᠠᠮᠠᠭᠠᠶ | ᠰᠠᠶᠢᠨ ᠬᠢᠵᠦ᠂ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠪᠥᠬᠦ ᠠᠶᠢᠮᠠᠭ ᠤᠨ ᠯᠸᠢ ᠹᠧᠩ ᠠᠴᠠ | ᠰᠤᠷᠤᠯᠴᠠᠭᠰᠠᠨ ᠵᠢᠱᠢᠶᠡᠴᠢ ᠶᠢᠨ ᠢᠷᠠᠭᠤ ᠠᠯᠲᠠᠷ ᠢ ᠬᠥᠷᠲᠡᠵᠤ ᠥᠩᠭᠡᠷᠡᠪᠡ᠃ ᠲᠡᠷᠡ ᠪᠤᠯ ᠬᠤᠰᠢᠭᠤ ᠤᠶᠢᠯᠠᠰ | ᠪᠦᠲᠦᠬᠡᠬᠦ ᠬᠦᠷᠢᠶᠡᠯᠡᠩ ᠲᠣᠭᠤᠷᠢᠭ ᠤᠨ ᠠᠯᠪᠠᠨ ᠬᠡᠷ ᠤᠨ ᠡᠷᠬᠢᠯᠡᠭᠴᠢ ᠵᠢᠶ ᠲᠢᠩ ᠲᠢᠩ ᠪᠤᠯᠤᠨ᠎ᠠ᠃ | ᠣᠶᠢᠷ᠎ᠠ ᠳᠤ᠂ ᠰᠤᠷᠪᠤᠯᠵᠢᠯᠠᠭᠴᠢ ᠵᠢᠶ ᠲᠢᠩ ᠲᠢᠩ ᠲᠠᠢ ᠠᠭᠤᠯᠵᠠᠬᠤ ᠦᠶ᠎ᠡ ᠳᠤ᠂ ᠲᠡᠷᠡ ᠶᠠᠭ ᠮᠡᠷᠭᠡᠵᠢᠯ ᠤᠨ | ᠤᠷᠤᠯᠳᠤᠭᠠᠨ ᠪᠠ ᠠᠳᠠᠯ ᠤᠶᠢᠯᠠᠰ ᠴᠣᠭᠴᠠᠯᠠᠬᠤ ᠤᠷᠤᠯᠳᠤᠭᠠᠨ ᠳᠤ ᠣᠷᠣᠯᠴᠠᠬᠤ ᠠᠴᠠ ᠡᠮᠦᠨᠡᠬᠢ ᠵᠢᠯᠣᠭᠤᠳᠣᠯᠭ᠎ᠠ | ᠪᠠ ᠪᠣᠯᠪᠠᠰᠤᠷᠠᠯ ᠬᠢᠵᠦ ᠪᠠᠶᠢᠪᠠ᠃ ︽ᠤᠶᠢᠯᠠᠰ ᠴᠤᠭᠴᠠᠯᠠᠭᠴᠢ︾ ᠪᠣᠯᠤᠭᠰᠠᠨ ᠤ ᠬᠤᠪᠢ ᠳᠤ᠂ ᠲᠡᠷᠡ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢᠶᠠᠷ ᠪᠠᠶᠢᠩᠭᠤ ᠰᠤᠷᠪᠤᠯᠵᠢᠯᠠᠵᠤ᠂ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠡᠵᠡᠩᠨᠡᠯᠲᠡ ᠶᠢᠨ ᠠᠵᠢᠯ ᠢ ᠬᠠᠮᠵᠢᠨ ᠥᠷᠨᠢᠭᠦᠯᠵᠦ᠂ | ᠠᠵᠤ ᠠᠬᠤᠶᠢᠯᠠᠯ ᠤᠨ ᠤᠶᠢᠯᠠᠤᠨᠪᠥᠷᠢᠯᠠᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠴᠠᠭ ᠲᠤᠬᠠᠶ ᠳᠤᠨᠢ ᠵᠣᠬᠢᠴᠠᠭᠤᠯᠤᠨ ᠰᠢᠢᠤᠨᠪᠥᠷᠢᠯᠠᠵᠤ ᠥᠭᠲᠡᠭ᠃ ᠲᠡᠷᠡ ᠪᠠᠰᠠ ᠰᠤᠯᠠ ᠰᠡᠯᠡᠭᠦᠦ ᠴᠠᠭ ᠢᠶᠠᠨ | ᠠᠰᠢᠭᠯᠠᠨ ᠳᠡᠷᠭᠡᠳᠡᠬᠢ ᠵᠠᠯᠠᠭᠤᠴᠤᠳ ᠲᠠᠢ ᠪᠠᠨ ᠰᠠᠨᠠᠯ ᠢᠶᠠᠨ ᠰᠣᠯᠢᠯᠴᠠᠵᠤ᠂ ᠵᠠᠯᠠᠭᠤ ᠦᠶ᠎ᠡ ᠶᠢᠨ ᠰᠠᠶᠢᠨ ᠳᠤᠷ᠎ᠠ | ᠶᠢᠨ ᠠᠵᠢᠯᠯᠠᠭᠰᠠᠳ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠳᠤ ᠵᠣᠬᠢᠬᠤ ᠦᠢᠯᠡᠳᠦᠯ ᠦᠵᠡᠭᠦᠯᠦᠭᠰᠡᠨ | ᠪᠠᠶᠢᠨ᠎ᠠ᠃ | 2021 ᠣᠨ ᠳᠤ᠂ ᠵᠢᠶ ᠲᠢᠩ ᠲᠢᠩ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠲᠤ ᠣᠷᠣᠯᠴᠠᠵᠤ᠂ 2022 | ᠣᠨ ᠳᠤ᠂ ᠬᠤᠰᠢᠭᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠲᠤ ᠣᠷᠣᠵᠤ᠂ | ᠲᠡᠷᠡ ᠴᠠᠭ ᠲᠠᠢ ᠯᠠ ᠪᠣᠯ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠶ ᠤᠷᠤᠯᠴᠠᠵᠤ᠂ ᠶᠣᠰᠣᠯᠠᠯ ᠤᠨ ᠰᠠᠶᠢᠨ | ᠳᠤᠷ᠎ᠠ ᠶᠢᠨ ᠦᠢᠯᠡᠴᠢᠯᠡᠭᠡ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠲᠣᠬᠤᠨᠢᠭᠤᠯᠬᠤ᠂ ᠬᠤᠳᠠ ᠶᠢᠨ ᠪᠥᠲᠤᠭᠡᠨ | ᠪᠠᠶᠢᠭᠤᠯᠤᠯᠲᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠰᠠᠨ ᠪᠠᠶᠢᠨ᠎ᠠ᠃ ᠤᠢᠢᠷ᠎ᠠ ᠶᠢᠨ ᠭᠤᠷᠪᠠᠨ | ᠵᠢᠯ ᠳᠤ᠂ ᠲᠡᠷᠡ ᠰᠠᠶᠢᠨ ᠳᠤᠷ᠎ᠠ ᠶᠢᠨ ᠠᠵᠢᠯᠯᠠᠭ᠎ᠠ ᠳᠤ 50 ᠭᠠᠷᠤᠢ ᠤᠳᠠᠭ᠎ᠠ ᠣᠷᠣᠯᠴᠠᠵᠤ᠂ ᠬᠠᠷᠢᠭᠤᠴᠠᠯᠭᠠᠲᠤ | ᠰᠡᠳᠬᠢᠯᠭᠡ ᠪᠠ ᠡᠵᠡᠨ ᠬᠥᠮᠦᠨ ᠤ ᠵᠣᠷᠢᠭ ᠰᠠᠨᠠᠭ᠎ᠠ ᠪᠠᠷ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ ᠰᠢᠨ᠎ᠡ | ᠴᠠᠭ ᠦᠶ᠎ᠡ ᠶᠢᠨ ᠬᠡᠪ ᠨᠠᠮᠪᠠ ᠶᠢ ᠪᠢᠴᠢᠭᠯᠡᠵᠦ᠂ ᠤᠷᠢᠳ ᠬᠤᠵᠢᠳ ᠪᠦᠬᠦ ᠠᠶᠢᠮᠠᠭ ᠤᠨ ︽ᠰᠢᠯᠢᠳᠡᠭ ᠰᠠᠶᠢᠨ | ᠳᠤᠷ᠎ᠠ ᠶᠢᠨ ᠠᠵᠢᠯᠯᠠᠭᠴᠢ︾᠂ ᠪᠦᠬᠦ ᠠᠶᠢᠮᠠᠭ ᠤᠨ ᠠᠵᠢᠯ ᠤᠨ ᠪᠠᠶᠢᠷᠢ ᠶᠢᠨ ᠯᠸᠢ ᠹᠧᠩ ᠠᠴᠠ ᠰᠤᠷᠤᠯᠴᠠᠭᠰᠠᠨ | ᠵᠢᠱᠢᠶᠡᠴᠢ ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠪᠡ᠃ | |