ᠣᠶᠢᠷ᠎ᠠ ᠳᠤ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠮᠠᠨ ᠤ ᠬᠤᠰᠢᠭᠤᠨ ᠤ | ᠤᠯᠠᠭᠠᠨᠮᠥ᠋ᠴᠢᠷ ᠤᠨ ᠳᠠᠷᠤᠭ᠎ᠠ ᠠᠯᠳᠠᠠᠳᠠᠯᠠᠢ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ | ᠬᠦᠷᠴᠦ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠷᠠᠯ ᠳᠤ | ᠣᠷᠣᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠠᠯᠳᠠᠠᠳᠠᠯᠠᠢ ᠪᠦᠬᠦ ᠤᠯᠤᠰ ᠤᠨ ᠬᠤᠶᠠᠷ ᠬᠤᠷᠠᠯ ᠤᠨ | ᠲᠦᠢᠮᠣ ᠪᠠᠶᠢᠳᠠᠯ᠂ ᠭᠤᠣᠯ ᠵᠣᠷᠢᠭ ᠰᠠᠨᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ | ᠬᠤᠪᠢ ᠬᠥᠮᠦᠨ ᠤ ᠣᠶᠢᠯᠠᠭᠠᠯᠲᠠ ᠵᠡᠷᠭᠡ ᠲᠠᠯ᠎ᠠ ᠪᠠᠷ ᠪᠦᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠶᠡᠭᠡ | ᠪᠠᠶᠢᠳᠠᠯ ᠢ ᠳᠠᠬᠢᠨ ᠢᠯᠡᠷᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠢᠯᠡᠳᠬᠡᠯ᠂ ︽ᠦᠨᠳᠦᠷ ᠵᠡᠷᠬᠡ ᠶᠢᠨ ᠰᠢᠬᠦᠬᠦ ᠪᠠᠶᠢᠴᠠᠭᠠᠬᠤ︾ ᠬᠤᠷᠢᠶᠠᠨ ᠤ ᠠᠵᠢᠯ ᠤᠨ | ᠢᠯᠡᠳᠬᠡᠯ ᠵᠢᠴᠢ 2024 ᠣᠨ ᠤ ᠭᠤᠣᠯᠳᠠᠯᠭ᠎ᠠ ᠲᠠᠢ ᠠᠵᠢᠯ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠬᠤᠷᠠᠯ | ᠳᠤ ᠣᠷᠣᠯᠴᠠᠬᠤ ᠦᠶ᠎ᠡ ᠶᠢᠨ ᠦᠵᠡᠵᠦ ᠰᠣᠨᠣᠰᠤᠭᠰᠠᠨ᠂ ᠪᠤᠳᠤᠵᠤ ᠣᠯᠤᠭᠰᠠᠨ ᠵᠦᠢᠯ ᠢᠶᠠᠨ ᠣᠯᠠᠨ ᠲᠠᠢ | ᠬᠤᠪᠢᠶᠠᠯᠴᠠᠬᠤ ᠶᠢᠨ ᠬᠠᠮᠲᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠴᠡᠷᠢᠭ ᠪᠠᠶᠢᠯᠳᠤᠭᠴᠢ | ᠲᠠᠢ ᠰᠠᠨᠠᠯ ᠢᠶᠠᠨ ᠰᠣᠯᠢᠯᠴᠠᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠴᠢᠬᠤᠯᠠ ᠶᠡᠭᠡ | ᠠᠴᠢ ᠬᠤᠯᠪᠣᠭᠳᠠᠯ᠂ ᠡᠯᠪᠡᠭ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠨᠠᠩ ᠭᠦᠨᠵᠡᠭᠡᠶ | ᠡᠵᠡᠮᠰᠢᠭᠦᠯᠪᠡ᠃ | ᠣᠯᠠᠨ ᠢᠶᠠᠷ ᠢᠶᠠᠨ᠄ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠣᠶᠢᠯᠠᠭᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠲᠠᠢ ᠤᠶᠠᠯᠳᠤᠭᠤᠯᠵᠤ᠂ | ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠬᠢ ᠶᠢᠨ ᠠᠵᠢᠯ ᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠦᠢᠯᠡᠰ ᠤᠨ ᠰᠢᠨ᠎ᠡ ᠠᠶᠠᠨ ᠳᠤ ᠤᠷᠤᠯᠴᠠᠨ᠂ | ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠲᠠᠷᠬᠠᠨ ᠡᠭᠦᠷᠭᠡ ᠪᠠᠨ ᠰᠠᠶᠢᠳᠤᠷ ᠪᠡᠶᠡᠯᠡᠬᠦᠯᠦᠨ᠎ᠠ ᠬᠡᠵᠦ | ᠢᠯᠡᠷᠬᠡᠶᠢᠯᠡᠵᠦ ᠪᠠᠶᠢᠯ᠎ᠠ᠃ | |