4 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠬᠤᠰᠢᠭᠤᠨ ᠤ 7 ᠰᠤᠮᠤ ᠪᠠᠯᠭᠠᠰᠤᠨ ᠤ | 49 ᠭᠠᠴᠠᠭᠠᠨ ᠤ 4585.64 ᠲᠦᠮᠡᠨ ᠮᠥ ᠪᠡᠯᠴᠢᠭᠡᠷ 45 ᠡᠳᠦᠷ ᠤᠨ ᠬᠤᠭᠤᠴᠠᠭ᠎ᠠ ᠲᠠᠢ ᠬᠠᠪᠤᠷ ᠤᠨ | ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠵᠤ ᠬᠠᠰᠢᠶᠠᠯᠠᠨ ᠮᠠᠯᠵᠢᠬᠤ ᠬᠤᠭᠤᠴᠠᠭᠠᠨ ᠳᠤ ᠤᠷᠤᠭᠰᠠᠨ ᠪᠠᠶᠢᠨ᠎ᠠ᠃ | ᠰᠤᠷᠪᠤᠯᠵᠢᠯᠠᠭᠴᠢ ᠮᠠᠨᠲᠠᠯᠲᠤ ᠪᠠᠯᠭᠠᠰᠤᠨ ᠤ ᠨᠠᠶᠢᠷᠠᠮᠳᠠᠯ ᠭᠠᠴᠠᠭᠠᠨ ᠤ ᠮᠠᠯᠴᠢᠨ ᠰᠢᠶᠠᠨ ᠪᠦᠦ ᠯᠦᠩ | 先宝龙 ᠤᠨ ᠬᠥᠷᠬᠦ ᠳᠤ᠂ ᠲᠡᠷᠡ ᠬᠦᠦ ᠲᠠᠢ ᠪᠠᠨ ᠬᠤᠶᠠᠭᠤᠯᠠ ᠡᠪᠡᠰᠦ ᠪᠣᠷᠳᠤᠭ᠎ᠠ ᠪᠠᠨ ᠲᠠᠷᠬᠠᠭᠠᠨ | ᠬᠤᠨᠢᠨ ᠰᠦᠷᠦᠭ ᠢᠶᠠᠨ ᠲᠡᠵᠢᠭᠡᠵᠦ ᠪᠠᠶᠢᠬᠤ ᠲᠠᠢ ᠲᠠᠭᠠᠷᠠᠯᠲᠤᠪᠠ᠂ ᠲᠡᠳᠡᠨ ᠤ ᠬᠢᠨ 3000 ᠭᠠᠷᠤᠢ ᠮᠦ | ᠪᠡᠯᠴᠢᠭᠡᠷ ᠲᠡᠭᠡᠷ᠎ᠡ ᠪᠠᠨ 200 ᠬᠤᠨᠢ᠂ 20 ᠦᠬᠡᠷ ᠲᠡᠵᠢᠭᠡᠵᠦ᠂ ᠪᠡᠯᠴᠢᠭᠡᠷᠯᠡᠬᠦᠯᠬᠦ ᠶᠢ ᠵᠣᠭᠰᠣᠭᠠᠬᠤ | ᠬᠤᠭᠤᠴᠠᠭᠠᠨ ᠳᠤ ᠡᠪᠡᠰᠤ ᠪᠤᠷᠲᠤᠭ᠎ᠠ ᠪᠠᠨ ᠨᠢᠭᠡᠨᠲᠡ ᠭᠦᠢᠴᠡᠳ ᠪᠡᠯᠡᠳᠬᠡᠵᠡᠢ᠃ ᠰᠢᠶᠠᠨ ᠪᠦᠦ ᠯᠦᠩ | ᠬᠡᠯᠡᠬᠦ ᠳᠤ ᠪᠠᠨ᠄ ︽ᠵᠢᠯ ᠪᠦᠷᠢ ᠶᠢᠨ ᠡᠨᠡ ᠦᠶ᠎ᠡ ᠳᠤ ᠪᠡᠯᠴᠢᠭᠡᠷᠯᠡᠬᠦᠯᠬᠦ ᠶᠢ ᠵᠣᠭᠰᠣᠭᠠᠵᠤ᠂ ᠲᠠᠯ᠎ᠠ ᠨᠤᠲᠤᠭ ᠢ | ᠠᠮᠤᠷᠵᠢᠭᠤᠯᠤᠨ ᠲᠡᠩᠬᠡᠷᠡᠭᠦᠯᠳᠡᠭ︾ ᠭᠡᠵᠤ ᠪᠠᠶᠢᠯ᠎ᠠ᠃ | ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠣᠭᠠᠬᠤ ᠬᠤᠭᠤᠴᠠᠭᠠᠨ ᠳᠤ | ᠦᠬᠡᠷ᠂ ᠬᠤᠨᠢ᠂ ᠢᠮᠠᠭ᠎ᠠ ︵ᠮᠣᠷᠢ᠂ ᠲᠡᠮᠡᠭᠡ ᠪᠡᠯᠴᠢᠭᠡᠷᠯᠡᠬᠦᠯᠬᠦ ᠶᠢ ᠵᠣᠭᠰᠣᠭᠠᠬᠤ ᠳᠤ ᠪᠠᠭᠲᠠᠬᠤ ᠥᠬᠡᠶ︶ | ᠪᠡᠯᠴᠢᠭᠡᠷᠯᠡᠬᠦᠯᠬᠦ ᠶᠢ ᠵᠣᠭᠰᠣᠭᠠᠬᠤ ᠳᠤ ᠪᠠᠭᠲᠠᠵᠤ᠂ ᠮᠠᠯᠴᠢᠳ ᠤᠨ ᠪᠡᠯᠴᠢᠭᠡᠷᠯᠡᠬᠦᠯᠬᠦ ᠶᠢ ᠵᠤᠭᠰᠤᠭᠠᠨ | ᠬᠠᠰᠢᠶᠠᠯᠠᠨ ᠲᠡᠵᠢᠭᠡᠬᠦ ᠳᠤ᠂ ᠮᠠᠯ ᠪᠡᠯᠴᠢᠭᠡᠷ ᠤᠨ ᠡᠷᠦᠬᠡ ᠪᠦᠷᠢ ᠶᠢᠨ ᠲᠡᠩᠴᠡᠭᠦᠷᠢ ᠶᠢᠨ ᠲᠠᠯᠠᠪᠠᠢ ᠪᠠᠷ | ᠪᠤᠲᠤᠨ ᠪᠡᠯᠴᠢᠭᠡᠷᠯᠡᠬᠦᠯᠬᠦ ᠶᠢ ᠵᠣᠭᠰᠣᠭᠠᠬᠤ ᠨᠥᠬᠦᠪᠥᠷᠢ ᠶᠢᠨ ᠪᠠᠷᠢᠮᠵᠢᠶ᠎ᠠ ᠨᠢ ᠮᠥ ᠪᠥᠷᠢ 1.125 ᠲᠥᠭᠦᠷᠢᠭ | ᠪᠣᠯᠤᠨ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠠᠯᠵᠢᠬᠤ | ᠡᠷᠦᠬᠡ ᠶᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠪᠣᠳᠠᠲᠤ ᠪᠠᠶᠢᠳᠠᠯ ᠢ ᠦᠨᠳᠦᠰᠦᠯᠡᠨ᠂ ᠭᠠᠴᠠᠭᠠᠨ ᠳᠤ ᠪᠠᠨ | ᠢᠯᠡ ᠨᠡᠶᠢᠲᠡᠯᠡᠭᠡᠳ ᠰᠠᠨᠠᠯ ᠥᠬᠡᠶ ᠪᠣᠯᠤᠭᠰᠠᠨ ᠤ ᠳᠠᠷᠠᠭ᠎ᠠ᠂ ︽ᠨᠢᠭᠡ ᠺᠠᠷᠲ︾ ᠪᠠᠷᠲ᠋ᠡᠮᠵᠢᠨ ᠪᠡᠯᠴᠢᠭᠡᠷᠯᠡᠭᠦᠯᠬᠦ ᠶᠢ | ᠵᠣᠭᠰᠣᠭᠠᠭᠰᠠᠨ ᠨᠥᠬᠦᠪᠥᠷᠢ ᠣᠯᠭᠤᠨ᠎ᠠ᠃ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠬᠤ ᠨᠢ | ᠨᠤᠲᠤᠭ ᠪᠡᠯᠴᠢᠭᠡᠷ ᠤᠨ ᠲᠡᠭᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠢ ᠬᠠᠮᠠᠭᠠᠯᠠᠬᠤ ᠦᠢᠯᠡᠳᠦᠯ ᠲᠠᠢ | ᠶᠤᠮ᠃ |