4 ᠳ᠋ᠦ᠋ᠭᠡᠷ ᠰᠠᠷ᠎ᠠ ᠶᠢᠨ 10 ᠤ ᠡᠳᠦᠷ᠂ ᠬᠤᠰᠢᠭᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ | ᠥᠭᠡᠷᠡᠴᠢᠯᠡᠨ ᠦᠷᠬᠡᠳᠬᠡᠵᠦ ᠪᠠᠶᠢᠭᠤᠯᠬᠤ ᠲᠥᠷᠥᠯ ᠵᠤᠶᠢᠯ ᠪᠠᠷᠢᠯᠭ᠎ᠠ ᠳᠠᠭᠤᠰᠬᠤ ᠶᠣᠰᠣᠯᠠᠯ ᠶᠠᠪᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠱᠤᠸᠠᠩ ᠪᠦᠦ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ | ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠹᠠᠩᠯᠸᠢ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠪᠠᠬᠢᠵᠢᠯᠳᠦ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠯᠡᠶ ᠵᠢᠴᠢ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠰᠢᠭᠤ | ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠤᠯᠠᠭᠠᠨᠮᠥ᠋ᠴᠢᠷ ᠤᠨ | ᠺᠠᠳ᠋ᠷ ᠠᠵᠢᠯᠲᠠᠨ ᠶᠣᠰᠣᠯᠠᠯ ᠳᠤ ᠣᠷᠣᠯᠴᠠᠪᠠ᠃ | | | ᠰᠠᠴᠤᠷᠠᠨ ᠬᠤᠰᠢᠭᠤ ᠳᠦᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠢᠩᠬᠢᠮ ᠤᠨ ᠥᠭᠡᠷᠡᠴᠢᠯᠡᠨ ᠦᠷᠬᠡᠳᠬᠡᠵᠦ ᠪᠠᠶᠢᠭᠤᠯᠬᠤ ᠲᠦᠷᠦᠯ ᠵᠦᠢᠯ ᠨᠢ ᠪᠠᠷᠢᠯᠭ᠎ᠠ | ᠳᠠᠭᠤᠰᠬᠠᠭᠠᠳ ᠠᠰᠢᠭᠯᠠᠯᠲᠠ ᠳᠤ ᠤᠷᠤᠭᠰᠠᠨ ᠳᠤ ᠪᠠᠶᠠᠷ ᠬᠦᠷᠬᠡᠭᠰᠡᠨ ᠤ ᠬᠠᠮᠳᠦ ᠤᠯᠠᠭᠠᠨᠮᠥ᠋ᠴᠢᠷ᠂ ᠰᠢ ᠶᠢᠨ | ᠫᠢᠩ ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠥᠯᠥ ᠮᠠᠷᠳᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠨᠠᠮ ᠂ ᠡᠬᠡ ᠤᠯᠤᠰ᠂ ᠠᠷᠠᠳ ᠲᠦᠮᠡᠨ ᠳᠡᠭᠡᠨ | ᠦᠨᠡᠨᠴᠢ ᠰᠢᠳᠤᠷᠭᠤ ᠪᠠᠶᠢᠬᠤ ᠶᠢ ᠪᠠᠷᠢᠮᠳᠠᠯᠠᠨ᠂ ᠠᠷᠠᠳ ᠲᠦᠮᠡᠨ ᠲᠠᠢ ᠮᠢᠬ᠎ᠠ ᠴᠢᠰᠤᠨ ᠤ ᠪᠠᠷᠢᠯᠳᠤᠯᠭ᠎ᠠ ᠲᠠᠢ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ | ᠴᠤᠴᠠᠯᠲᠠ ᠦᠭᠡᠢ ᠤᠷᠤᠭᠰᠢᠯᠠᠬᠤ ᠶᠢ ᠤᠯᠠᠮᠵᠢᠯᠠᠨ ᠦᠢᠯᠡᠳᠦᠯᠭᠡᠵᠢᠭᠦᠯᠵᠦ᠂ ᠵᠣᠷᠢᠯᠭ᠎ᠠ ᠳᠠᠭᠠᠨ ᠬᠦᠷᠬᠦ ᠦᠭᠡᠶ | ᠪᠣᠯ ᠶᠠᠭᠠᠬᠢᠭᠰᠠᠨ ᠴᠤ ᠵᠣᠭᠰᠣᠬᠤ ᠦᠭᠡᠶ ᠪᠠᠶᠢᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ᠲᠡᠰᠪᠦᠷᠢ | ᠬᠠᠲᠠᠭᠤᠵᠢᠯᠲᠠᠶ ᠪᠠᠷ ᠲᠡᠮᠡᠴᠡᠬᠦ᠂ ᠬᠠᠷᠠᠮ ᠦᠭᠡᠶ ᠵᠢᠳᠬᠦᠬᠦ ︽ᠤᠮᠠᠷᠠᠲᠤ ᠶᠢᠨ ᠭᠤᠷᠪᠠᠨ ᠣᠷᠣᠨ ᠤ ᠵᠣᠷᠢᠭ | ᠰᠠᠨᠠᠭ᠎ᠠ︾ ᠶᠢ ᠢᠯᠡᠷᠡᠬᠦᠯᠵᠦ᠂ ︽ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ | ᠵᠢᠯᠣᠭᠤᠳᠬᠤ᠂ ᠦᠢᠯᠡᠴᠢᠯᠡᠬᠦ᠂ ᠤᠯᠠᠮᠵᠢᠯᠠᠬᠤ᠂ ᠰᠢᠨ᠎ᠡ ᠶᠢ ᠡᠭᠦᠳᠬᠦ ᠪᠠ ᠭᠠᠳᠠᠭᠠᠳᠤ ᠲᠠᠢ ᠰᠣᠶᠣᠯ ᠤᠨ | ᠰᠣᠯᠢᠯᠴᠠᠭ᠎ᠠ ᠬᠢᠬᠦ︾ ᠡᠭᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠵᠤ᠂ ᠣᠯᠠᠨ ᠲᠦᠮᠡᠨ ᠲᠠᠢ ᠣᠶᠢᠷᠠᠲᠤᠭᠰᠠᠨ | ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ | ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠪᠠᠷ ᠴᠢᠷᠮᠠᠶᠢᠬᠤ | ᠬᠡᠷᠡᠭᠳᠠᠢ ᠬᠡᠪᠡ᠃ | | | ᠣᠶᠢᠯᠠᠭᠠᠭᠰᠠᠨ ᠢᠶᠠᠷ᠂ ᠤᠯᠠᠭᠠᠨᠮᠥ᠋ᠴᠢᠷ ᠤᠨ ᠰᠢᠨ᠎ᠡ ᠪᠠᠷ ᠪᠠᠶᠢᠭᠤᠯᠤᠭᠰᠠᠨ ᠪᠣᠯᠪᠠᠰᠤᠷᠠᠯ ᠤᠨ ᠲᠢᠩᠬᠢᠮ ᠤᠨ | ᠲᠠᠯᠠᠪᠠᠶ ᠨᠢ 2584 ᠲᠡᠭᠰᠢ ᠳᠥᠷᠪᠡᠯᠵᠢᠨ ᠮᠧᠲᠷ ᠪᠠᠶᠢᠵᠦ᠂ ᠤᠷᠠᠨ ᠰᠠᠶᠢᠬᠠᠨ ᠤ ᠲᠤᠭᠯᠠᠯᠳᠠ ᠶᠢᠨ ᠲᠢᠩᠬᠢᠮ᠂ | ᠠᠯᠪᠠᠨ ᠬᠡᠷ᠂ ᠲᠠᠭᠤ ᠰᠢᠩᠭᠡᠭᠡᠬᠦ ᠲᠠᠰᠤᠭ᠂ ᠬᠤᠪᠴᠠᠰᠤ ᠬᠤᠨᠠᠷ ᠤᠨ ᠬᠥᠮᠥᠷᠭᠡ᠂ ᠪᠣᠳᠠᠰ ᠤᠨ ᠬᠥᠮᠥᠷᠭᠡ ᠵᠢᠴᠢ | ᠬᠤᠷᠠᠯ ᠤᠨ ᠬᠡᠷ᠂ ᠬᠦᠳᠡᠯᠬᠡᠬᠡᠨ ᠤ ᠦᠷᠦᠬᠡ᠂ ᠵᠤᠴᠢᠯᠠᠬᠤ ᠦᠷᠦᠬᠡ ᠵᠡᠷᠭᠡ ᠴᠢᠳᠠᠮᠵᠢᠳᠤ ᠦᠷᠦᠬᠡ ᠲᠠᠰᠤᠭ ᠢ | ᠳᠣᠭᠢᠷᠠᠭᠤᠯᠪᠠ᠃ | | | 2023 ᠣᠨ ᠳᠤ ᠮᠠᠨ ᠤ ᠬᠤᠰᠢᠭᠤᠨ ᠤ ᠤᠯᠠᠭᠠᠨᠮᠥ᠋ᠴᠢᠷ ᠡᠯ᠎ᠡ ᠰᠤᠮᠤ ᠪᠠᠯᠭᠠᠰᠤ᠂ ᠭᠠᠴᠠᠭ᠎ᠠ᠂ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠬᠢ᠂ ᠠᠵᠤ ᠠᠬᠤᠶᠢᠯᠠᠯ᠂ ᠰᠤᠷᠭᠠᠭᠤᠯᠢ ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ | ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ ᠪᠠᠭᠤᠯᠭᠠᠬᠤ︾᠂ ︽ᠥᠨᠢ ᠡᠭᠦᠷᠢᠳᠡ ᠲᠠᠯ᠎ᠠ | ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠵᠡᠷᠭᠡ ᠦᠨᠳᠦᠰᠦᠨ | ᠱᠠᠲᠤᠨ ᠤ ᠦᠢᠯᠡᠴᠢᠯᠡᠬᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠲᠡ 97 ᠲᠠᠯᠠᠪᠤᠷ ᠲᠣᠭᠯᠠᠯᠲᠠ | ᠭᠠᠷᠭᠠᠵᠤ᠂ ᠦᠵᠡᠭᠴᠢᠳ ᠤᠨ ᠲᠤᠭ᠎ᠠ 1.8 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠰᠢᠭᠤᠳ | ᠨᠡᠪᠳᠡᠷᠡᠬᠦᠯᠬᠡ ᠶᠢᠨ ᠦᠵᠡᠭᠴᠢᠳ 8.1 ᠲᠦᠮᠡᠨ ᠬᠥᠮᠦᠨ ᠤᠳᠠᠭ᠎ᠠ ᠳᠤ ᠬᠦᠷᠴᠡᠶ᠃ ᠬᠤᠰᠢᠭᠤ ᠤᠯᠠᠭᠠᠨᠮᠥ᠋ᠴᠢᠷ ᠨᠢ | ᠨᠢᠭᠡᠨᠲᠡ ᠦᠨᠳᠦᠰᠦᠨ ᠱᠠᠲᠤᠨ ᠳᠤ ᠦᠨᠳᠦᠰᠦᠯᠡᠵᠦ ᠮᠠᠯᠴᠢᠨ ᠲᠦᠮᠡᠨ ᠳᠤ ᠦᠢᠯᠡᠴᠢᠯᠡᠬᠦ᠂ ᠨᠠᠮ ᠤᠨ ᠲᠠᠭᠤᠨ ᠢ | ᠳᠠᠮᠵᠢᠭᠤᠯᠬᠤ᠂ ᠲᠠᠯ᠎ᠠ ᠨᠤᠲᠤᠭ ᠤᠨ ᠰᠣᠶᠣᠯ ᠢ ᠤᠯᠠᠮᠵᠢᠯᠠᠬᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ | ᠰᠣᠶᠣᠯ ᠤᠨ ᠴᠡᠴᠡᠭᠯᠡᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠴᠢᠬᠤᠯᠠ ᠬᠦᠴᠦᠨ | ᠪᠤᠯᠵᠦ᠂ ᠭᠠᠳᠠᠭᠰᠢ ᠨᠡᠭᠡᠭᠡᠯᠲᠡ ᠬᠢᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠳᠦᠷᠢ ᠲᠥᠷᠬᠦ ᠪᠠᠨ | ᠳᠡᠯᠭᠡᠨ ᠦᠵᠡᠭᠦᠯᠬᠦ ᠴᠢᠬᠤᠯᠠ ᠲᠠᠪᠴᠠᠩ ᠪᠠ ᠴᠣᠩᠬᠤ ᠪᠣᠯᠤᠭᠰᠠᠨ ᠪᠠᠶᠢᠨ᠎ᠠ᠃ | ᠬᠤᠰᠢᠭᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠠᠰᠢᠭᠯᠠᠯᠳᠠ ᠳᠤ ᠤᠷᠤᠭᠰᠠᠨ ᠨᠢ | ᠤᠯᠠᠭᠠᠨᠮᠥ᠋ᠴᠢᠷ ᠤᠨ ᠠᠵᠢᠯᠯᠠᠬᠤ ᠣᠷᠴᠢᠨ ᠲᠣᠭᠤᠷᠢᠨ ᠪᠠ ᠤᠷᠠᠯᠢᠭ ᠤᠨ ᠵᠣᠬᠢᠶᠠᠨ ᠪᠦᠲᠦᠭᠡᠬᠦ ᠨᠥᠬᠦᠴᠡᠯ ᠢ ᠶᠡᠭᠡ | ᠪᠠᠷ ᠰᠠᠶᠢᠵᠢᠷᠠᠭᠤᠯᠵᠤ᠂ ᠮᠠᠨ ᠤ ᠬᠤᠰᠢᠭᠤᠨ ᠤ ᠤᠷᠠᠯᠢᠭ ᠤᠨ ᠵᠣᠬᠢᠶᠠᠨ ᠪᠦᠳᠦᠬᠡᠯᠳᠡ ᠵᠡᠷᠭᠡ ᠰᠣᠶᠣᠯ ᠤᠷᠠᠯᠢᠭ ᠤᠨ | ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ | ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠣᠯᠤᠨ᠎ᠠ᠃ |