ᠰᠥᠨᠢᠳ ᠵᠡᠭᠦᠨ ᠬᠤᠰᠢᠭᠤ᠄ ︽ᠨᠡᠶᠢᠲᠡ ᠶᠢᠨ ᠠᠰᠠᠷᠠᠮᠵᠢ ᠶᠢᠨ ᠪᠠᠶᠢᠴᠠᠭᠠᠯᠲᠠ + ᠬᠢᠯᠢ ᠬᠢᠵᠠᠭᠠᠷ ᠤᠨ ᠬᠠᠮᠠᠭᠠᠯᠠᠭᠴᠢ︾ ᠬᠢᠯᠢ ᠬᠢᠵᠠᠭᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/16
       ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠶᠢᠨ ᠬᠢᠯᠢ ᠬᠢᠵᠠᠭᠠᠷ ᠤᠷᠤᠨ ᠤ ᠠᠮᠢ ᠠᠬᠤᠶ ᠶᠢᠨ ᠠᠮᠤᠷ ᠲᠦᠪᠰᠢᠨ ᠲᠣᠭᠲᠠᠭᠤᠨ ᠤ ᠳᠤᠮᠳᠠᠬᠢ ᠬᠠᠤᠯᠢ ᠴᠠᠭᠠᠵᠠ ᠶᠢᠨ ᠬᠢᠨᠠᠯᠲᠠ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠲᠠᠷᠠᠭᠤᠯᠬᠤ ᠶᠢᠨ ᠲᠤᠰᠠᠲᠠ᠂ ᠣᠶᠢᠷ᠎ᠠ ᠳᠤ᠂ ᠮᠠᠨ ᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠯᠠᠭ᠎ᠠ ᠮᠥᠴᠢᠷ ᠬᠤᠰᠢᠭᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠯᠢ ᠬᠠᠮᠠᠭᠠᠯᠠᠬᠤ ᠥᠷᠲᠡᠭᠡᠨ ᠳᠤ ᠭᠦᠨᠵᠡᠭᠡᠶᠢᠷᠡᠵᠦ᠂ ᠬᠢᠯᠢ ᠬᠢᠵᠠᠭᠠᠷ ᠢ ᠬᠠᠮᠠᠭᠠᠯᠠᠬᠤ ᠥᠷᠲᠡᠭᠡ ᠳᠤ ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠭᠴᠢ ᠶᠢᠨ ᠦᠷᠳᠡᠭᠡ ᠪᠠᠶᠢᠭᠤᠯᠵᠤ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠢᠯᠢ ᠳᠠᠭᠠᠤ ᠶᠢᠨ ᠠᠮᠢ ᠠᠬᠤᠶ ᠶᠢ ᠬᠠᠮᠠᠭᠠᠯᠠᠬᠤ ᠡᠭᠦᠷᠭᠡ ᠴᠢᠳᠠᠪᠤᠷᠢ᠂ ᠬᠢᠯᠢ ᠶᠢᠨ ᠬᠠᠮᠠᠭᠠᠯᠠᠭᠴᠢ ᠶᠢᠨ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠵᠢᠯ ᠤᠨ ᠣᠨᠴᠠᠯᠢᠭ ᠲᠠᠢ ᠤᠶᠠᠯᠳᠤᠭᠤᠯᠵᠤ᠂ ᠤᠯᠠᠨ ᠲᠦᠮᠡᠨ ᠲᠠᠢ ᠣᠶᠢᠷᠠᠲᠤᠭᠰᠠᠨ᠂ ᠬᠢᠯᠢ ᠬᠢᠵᠠᠭᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠨᠡᠩ ᠰᠠᠶᠢᠨ ᠮᠡᠳᠡᠳᠡᠭ ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠬᠤ ᠡᠩᠨᠡᠭᠡ ᠶᠢ ᠪᠠᠶᠢᠭᠤᠯᠪᠠ᠃
               ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠭᠴᠢ ᠶᠢᠨ ᠥᠷᠲᠡᠭᠡ ᠶᠢᠨ ᠪᠠᠶᠢᠭᠤᠯᠤᠭᠳᠠᠭᠰᠠᠨ ᠨᠢ ᠬᠢᠯᠢ ᠶᠢᠨ ᠬᠠᠮᠠᠭᠠᠯᠠᠭᠴᠢ ᠶᠢ ᠢᠯᠡᠭᠦᠦ ᠨᠢᠭᠡ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠭᠴᠢ ᠶᠢᠨ ᠪᠡᠶ᠎ᠡ ᠶᠢᠨ ᠭᠠᠷᠤᠯ ᠲᠠᠢ ᠪᠣᠯᠭᠠᠵᠤ᠂ ᠬᠢᠯᠢ ᠬᠢᠵᠠᠭᠠᠷ ᠣᠷᠣᠨ ᠢ ᠲᠣᠭᠤᠷᠢᠨ ᠪᠠᠶᠢᠴᠠᠭᠠᠬᠤ ᠶᠢᠨ ᠬᠠᠮᠲᠤ ᠮᠠᠯᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠠᠮᠢ ᠠᠬᠤᠢ ᠣᠷᠴᠢᠨ ᠲᠣᠭᠤᠷᠢᠨ ᠪᠠ ᠬᠡᠭᠡᠷ᠎ᠡ ᠶᠢᠨ ᠠᠮᠢᠳᠠᠨ ᠤᠷᠭᠤᠮᠠᠯ ᠢ ᠠᠯᠠᠵᠤ ᠡᠪᠳᠡᠭᠰᠡᠨ ᠬᠠᠤᠯᠢ ᠪᠤᠰᠤ ᠦᠢᠯᠡ ᠠᠵᠢᠯᠯᠠᠭ᠎ᠠ ᠡᠭᠦᠰᠬᠦ ᠶᠢ ᠴᠠᠭ ᠢᠮᠠᠭᠲᠠ ᠠᠩᠬᠠᠷᠴᠤ᠂ ᠬᠢᠯᠢ ᠬᠢᠵᠠᠭᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠵᠢᠯ ᠤᠨ ᠭᠠᠷᠳᠠᠬᠤ ᠴᠡᠭ ᠢ ᠣᠨᠣᠪᠴᠢᠲᠠᠢ ᠡᠷᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ︽ᠤᠬᠠᠭᠤᠯᠬᠤ + ᠬᠢᠨᠠᠯᠲᠠ ᠲᠠᠯᠪᠢᠬᠤ︾ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠯᠢ ᠬᠢᠵᠠᠭᠠᠷ ᠣᠷᠣᠨ ᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠦᠷ᠎ᠡ ᠪᠦᠲᠦᠮᠵᠢ ᠶᠢ ᠰᠢᠯᠢᠲᠡᠭᠵᠢᠭᠦᠯᠬᠦ ᠪᠤᠯᠤᠨ᠎ᠠ᠃        ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠬᠢᠯᠢ ᠶᠢᠨ ᠬᠠᠮᠠᠭᠠᠯᠠᠯᠲᠠ ᠶᠢᠨ ᠤᠯᠠᠭ᠎ᠠ ᠥᠷᠲᠡᠭᠡ ᠪᠠ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠭᠴᠢ ᠶᠢᠨ ᠤᠯᠠᠭ᠎ᠠ ᠥᠷᠲᠡᠭᠡ ᠶᠢ ᠠᠰᠢᠭᠯᠠᠨ᠂ ᠪᠥᠬᠦ ᠲᠠᠯ᠎ᠠ ᠶᠢᠨ ᠣᠯᠠᠨ ᠬᠦᠴᠦᠨ ᠵᠦᠢᠯ ᠲᠠᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠦᠴᠦᠯᠡᠨ ᠪᠠᠶᠢᠭᠤᠯᠵᠤ᠂ ᠬᠢᠯᠢ ᠬᠢᠵᠠᠭᠠᠷ ᠤᠷᠤᠨ ᠤ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠨᠠᠩ ᠰᠢᠯᠢᠳᠡᠭ ᠪᠠᠶᠢᠴᠠᠭᠠᠬᠤ ᠪᠠᠲᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号