ᠮᠠᠨ ᠤ ᠬᠤᠰᠢᠭᠤ ᠡᠨᠧᠷᠭᠢ ᠶᠢᠨ ᠠᠵᠢᠯ ᠲᠦᠷᠦᠯ ᠤᠨ ᠠᠶᠦᠯᠬᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
       4 ᠳ᠋ᠤᠭᠡᠷ ᠰᠠᠷ᠎ᠠ ᠶᠢᠨ 18 ᠤ ᠡᠳᠦᠷ᠂ ᠬᠤᠰᠢᠭᠤ ᠡᠨᠧᠷᠭᠢ ᠶᠢᠨ ᠠᠵᠢᠯ ᠲᠦᠷᠦᠯ ᠤᠨ ᠠᠶᠦᠯᠬᠦᠢ ᠦᠢᠯᠡᠳᠪᠦᠷᠢᠯᠡᠯ ᠤᠨ ᠵᠥᠪᠯᠡᠯ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠠᠶᠤᠯᠭᠦᠶ  ᠦᠢᠯᠡᠳᠪᠦᠷᠢᠯᠡᠯ ᠤᠨ ᠬᠦᠨᠳᠦ ᠶᠡᠭᠡ ᠠᠳᠡᠯ ᠢ ᠵᠠᠷᠯᠠᠨ ᠮᠡᠳᠡᠭᠳᠡᠬᠦ ᠶᠢᠨ ᠬᠠᠮᠲᠤ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠨᠧᠷᠭᠢ ᠶᠢᠨ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠣᠣ ᠯᠢ ᠴᠢᠶᠠᠩ ᠬᠤᠷᠠᠯ ᠳᠤ ᠣᠷᠣᠯᠴᠠᠵᠠᠶ᠃
               ᠬᠤᠷᠠᠯ ᠠᠴᠠ ᠱᠠᠭᠠᠷᠳᠠᠭᠰᠠᠨ ᠨᠢ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠦᠵᠡᠯ ᠰᠠᠨᠠᠭ᠎ᠠ ᠲᠠᠨᠢᠯᠲᠠ ᠪᠠᠨ ᠲᠡᠬᠡᠭᠰᠢᠯᠡᠬᠦᠯᠦᠨ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ ᠭᠡᠮ ᠰᠣᠭᠤᠭ ᠢ ᠴᠡᠭᠴᠡᠯᠡᠨ ᠵᠠᠰᠠᠬᠤ᠂ ᠰᠢᠢᠳᠪᠦᠷᠢᠯᠡᠬᠦ ᠠᠷᠭ᠎ᠠ ᠬᠡᠮᠵᠢᠶᠡᠨ ᠤ ᠲᠠᠯ᠎ᠠ ᠪᠠᠷ ᠭᠦᠨᠵᠡᠭᠡᠢ ᠲᠤᠩᠭᠠᠨ ᠪᠣᠳᠣᠯᠬᠢᠯᠠᠵᠤ᠂ ᠠᠵᠤ ᠠᠬᠤᠶᠢᠯᠠᠯ  ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠡᠭᠦᠷᠬᠡᠯᠡᠨ᠂ ᠠᠵᠢᠯ ᠲᠦᠷᠦᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠳᠤᠷ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠰᠡᠷᠡᠮᠵᠢᠯᠡᠯ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠬᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠵᠡᠷᠭᠡ ᠠᠷᠭ᠎ᠠ   ᠪᠠᠷ ᠠᠶᠦᠯᠬᠦᠢ ᠦᠢᠯᠡᠳᠪᠦᠷᠢᠯᠡᠯ ᠤᠨ ᠬᠥᠮᠦᠵᠢᠯ ᠤᠨ ᠡᠷᠴᠢᠮ ᠢ ᠴᠢᠩᠭᠠᠳᠬᠠᠵᠤ᠂  ᠰᠡᠷᠡᠮᠵᠢᠯᠡᠯ ᠬᠥᠮᠦᠵᠢᠯ ᠢ ᠠᠵᠢᠯ ᠤᠨ ᠲᠤᠬᠠᠶ ᠶᠢᠨ ᠲᠠᠯᠠᠪᠠᠢ᠂ ᠪᠠᠷᠢᠯᠭ᠎ᠠ ᠶᠢᠨ ᠭᠠᠵᠠᠷ᠂   ᠠᠵᠢᠯᠴᠢᠨ ᠨᠢᠭᠡᠪᠦᠷᠢ ᠳᠤ ᠬᠦᠷᠳᠡᠬᠡᠵᠦ᠂ ᠠᠮᠦᠷ ᠲᠦᠪᠰᠢᠨ ᠤ ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠤᠨ ᠠᠮᠦᠷ ᠲᠦᠪᠰᠢᠨ ᠤ ᠪᠤᠯᠪᠠᠰᠤᠷᠠᠯ ᠢ  ᠴᠢᠩᠭᠠᠳᠬᠠᠵᠤ᠂ ᠲᠤᠰᠬᠠᠶ ᠮᠡᠷᠭᠡᠵᠢᠯ ᠤᠨ ᠮᠡᠳᠡᠯᠭᠡ  ᠪᠠ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ  ᠢ ᠰᠤᠷᠤᠯᠴᠠᠵᠦ᠂ ᠰᠤᠷᠤᠯᠴᠠᠯᠭ᠎ᠠ ᠶᠢᠨ ᠲᠦᠷᠢᠮ ᠢ ᠵᠢᠷᠤᠮᠵᠢᠭᠤᠯᠬᠤ ᠪᠠᠷ ᠪᠠᠷᠠᠬᠤ ᠦᠭᠡᠢ ᠪᠠᠰᠠ ᠪᠣᠳᠠᠲᠤ ᠪᠣᠯᠪᠠᠰᠤᠷᠠᠯ ᠰᠤᠷᠢᠯᠳᠠ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠲᠤᠰᠬᠠᠶ ᠮᠡᠷᠭᠡᠵᠢᠯ ᠤᠨ ᠬᠡᠪ ᠴᠢᠨᠠᠷ ᠪᠠ ᠠᠮᠦᠷ ᠲᠦᠪᠰᠢᠨ ᠤ ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠲᠤᠬᠠᠶ ᠶᠢᠨ ᠲᠠᠯᠠᠪᠤᠷ  ᠲᠤ ᠪᠥᠬᠦ ᠲᠠᠯ᠎ᠠ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠵᠦ᠂ ᠠᠳᠡᠯ ᠤᠨ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠲᠦᠷᠢᠮ ᠠᠴᠠ ᠵᠥᠷᠢᠴᠡᠨ ᠠᠵᠢᠯᠯᠠᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ︽ᠤᠯᠠᠨ ᠢᠶᠠᠷ ᠢᠶᠠᠨ ᠰᠡᠷᠭᠡᠶᠢᠯᠡᠬᠦ︾᠂ ︽ᠮᠡᠷᠭᠡᠵᠢᠯ ᠢᠶᠠᠷ ᠰᠡᠷᠭᠡᠶᠢᠯᠡᠬᠦ︾᠂ ︽ᠪᠣᠳᠠᠰ  ᠢᠶᠠᠷ ᠰᠡᠷᠭᠡᠶᠢᠯᠡᠬᠦ︾ ᠶᠢ ᠬᠠᠮᠵᠢᠯᠴᠠᠨ  ᠠᠬᠢᠭᠤᠯᠵᠦ᠂ ᠡᠨᠧᠷᠭᠢ ᠶᠢᠨ ᠰᠤᠷᠪᠤᠯᠵᠢ᠂ ᠴᠠᠬᠢᠯᠭᠠᠨ ᠬᠦᠴᠦᠨ ᠤ ᠰᠢᠰᠲ᠋ᠧᠮ᠂ ᠲᠤᠰᠤ ᠭᠡᠢ ᠶᠢ ᠤᠷᠳᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠶᠢ ᠪᠠᠲᠤᠯᠠᠵᠤ᠂ ᠠᠶᠤᠯᠭᠦᠶ ᠦᠢᠯᠡᠳᠪᠦᠷᠢᠯᠡᠯ  ᠤᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠳᠠᠢ ᠬᠡᠪᠡ᠃        ᠬᠤᠰᠢᠭᠤ ᠡᠨᠧᠷᠭᠢ ᠶᠢᠨ ᠠᠵᠢᠯ ᠲᠦᠷᠦᠯ ᠤᠨ ᠠᠶᠦᠯᠬᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号