ᠮᠠᠨ ᠤ ᠬᠤᠰᠢᠭᠤ 2024 ᠣᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ  ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/19
       4 ᠳ᠋ᠤᠭᠡᠷ ᠰᠠᠷ᠎ᠠ ᠶᠢᠨ 15 ᠤ ᠡᠳᠦᠷ᠂ ᠮᠠᠨ ᠤ ᠬᠤᠰᠢᠭᠤ 2024 ᠣᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠭᠠᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ   ᠭᠠᠩᠬᠤᠶᠠᠭ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ  ᠪᠠᠳᠠᠷᠠᠬᠤ ᠡᠬᠢᠯᠡᠯᠲᠡ ᠶᠢᠨ ᠶᠣᠰᠣᠯᠠᠯ ᠳᠤ ᠤᠷᠤᠯᠴᠠᠵᠦ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠱᠦ ᠵᠢᠤᠸᠠᠨ 常书娟 ᠡᠬᠢᠯᠡᠯᠲᠡ  ᠶᠢᠨ ᠶᠣᠰᠣᠯᠠᠯ ᠢ ᠡᠷᠭᠢᠯᠡᠪᠡ᠃
               ᠶᠤᠰᠤᠯᠠᠯ ᠳᠤ ᠵᠢᠶᠠ ᡁᠢ ᠭᠠᠩ ᠠᠴᠠ ᠶᠠᠷᠢᠶ᠎ᠠ ᠬᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠤᠶᠢᠪᠢᠰᠢ ᠦᠭᠡᠢ ᠲᠤᠤᠱᠯᠠᠭᠤᠯᠤᠨ᠂ ᠡᠭᠦᠨ ᠳᠤ ᠠᠭᠤᠯᠤᠭᠳᠠᠵᠤ ᠪᠠᠶᠢᠭ᠎ᠠ ᠤᠨᠤᠯ ᠂ ᠲᠡᠦᠬᠡ᠂ ᠦᠢᠯᠡᠳᠦᠯᠭᠡ ᠶᠢᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠤᠬᠠᠮᠰᠠᠷ ᠠᠴᠠ ᠪᠠᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠰᠢᠲᠦᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ᠂ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ ᠬᠡᠪᠡ᠃        ᠠᠵᠢᠯᠯᠠᠭ᠎ᠠ ᠳᠤ᠂ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠲᠤᠬᠠᠶ ᠶᠢᠨ ᠲᠠᠯᠠᠪᠠᠶ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠯᠳᠠ ᠶᠢᠨ ᠴᠡᠭ ᠭᠠᠷᠭᠠᠵᠤ᠂ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠲᠤᠬᠠᠶ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠲᠤᠬᠠᠶ ᠤᠬᠠᠮᠰᠠᠷ ᠢᠶᠠᠨ  ᠴᠢᠩᠭᠠᠳᠬᠠᠨ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢ ᠤᠷᠢᠶᠠᠯᠠᠵᠠᠶ᠃
               ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠪᠦᠬᠦ ᠪᠠᠭᠰᠢ ᠰᠤᠷᠤᠭᠴᠢᠳ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠰᠤᠷᠤᠭᠴᠢᠳ ᠤᠨ ᠲᠥᠯᠥᠭᠡᠯᠡᠭᠴᠢᠳ ᠠᠴᠠ ᠶᠠᠷᠢᠶ᠎ᠠ ᠲᠠᠯᠪᠢᠵᠤ᠂ ᠤᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠥᠪᠡᠷ ᠤᠨ ᠠᠵᠢᠯᠯᠠᠭ᠎ᠠ ᠪᠠᠷ ᠢᠶᠠᠨ ᠳᠡᠷᠭᠡᠳᠡᠬᠢ ᠨᠡᠩ ᠤᠯᠠᠨ ᠬᠥᠮᠦᠰ ᠢ ᠳᠠᠶᠢᠴᠢᠯᠠᠨ ᠤᠯᠤᠰ ᠤᠨ ᠠᠮᠤᠷ ᠲᠦᠪᠰᠢᠨ ᠤ ᠪᠠᠲᠤ ᠪᠠᠬᠢ ᠬᠠᠰᠢᠯᠭ᠎ᠠ ᠶᠢ ᠪᠤᠰᠬᠠᠬᠤ ᠶᠢ ᠤᠷᠢᠶᠠᠯᠠᠪᠠ᠃
               ᠬᠤᠰᠢᠭᠤ ᠠᠶᠠᠨᠴᠢᠳ ᠤᠨ ᠲᠡᠷᠬᠡᠨ ᠦᠷᠳᠡᠭᠡ ᠳᠤ᠂ ᠮᠠᠨ ᠤ ᠬᠤᠰᠢᠭᠤᠨ ᠤ ᠨᠡᠶᠢᠭᠡᠮ ᠤᠨ ᠰᠢᠨ᠎ᠠ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ ᠨᠢ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠲᠠᠢ ᠬᠠᠮᠳᠤᠷᠠᠨ᠂ 50 ᠲᠦᠷᠢᠶᠡᠰᠦᠨ ᠮᠠᠰᠢᠨ ᠲᠡᠷᠭᠡ ᠶᠢ ᠵᠣᠬᠢᠶᠠᠨ ᠪᠠᠶᠢᠭᠤᠯᠵᠤ᠂ ᠲᠡᠷᠭᠡᠨ ᠳᠤ ᠰᠠᠭᠤᠭᠰᠠᠨ ᠬᠦᠮᠦᠰ ᠲᠤ ᠤᠯᠤᠰ ᠤᠨ ᠲᠤᠭ ᠢ ᠬᠦᠷᠭᠡᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠵᠠᠢ᠃        ᠬᠤᠰᠢᠭᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠥᠮᠦᠵᠢᠯ ᠤᠨ ᠰᠠᠭᠤᠷᠢᠨ ᠭᠠᠵᠠᠷ ᠲᠤ᠂ ᠡᠪᠯᠡᠯ ᠤᠨ ᠬᠤᠷᠢᠶ᠎ᠠ ᠪᠥᠬᠦ ᠬᠤᠰᠢᠭᠤᠨ ᠤ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠤᠯ ᠰᠡᠳᠦᠪᠲᠦ ᠡᠪᠯᠡᠯ  ᠤᠨ ᠡᠳᠦᠷ ᠤᠨ ᠠᠵᠢᠯᠯᠠᠭ᠎ᠠ ᠦᠷᠨᠢᠬᠦᠯᠵᠦ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠯᠭᠡᠵᠦ᠂ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭ᠎ᠠ ᠪᠠ ᠠᠵᠢᠯᠯᠠᠭᠠᠨ ᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号