4 ᠳ᠋ᠤᠭᠡᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ | ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠨᠢᠬᠦᠯᠬᠦ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠂ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ︽ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠥᠬᠦ ᠬᠤᠰᠢᠭᠤᠨ ᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠬᠤᠰᠢᠭᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠡᠳ᠋ ᠳᠠᠷᠤᠭ᠎ᠠ | ᠱᠤᠸᠠᠩ ᠪᠦᠦ ᠬᠤᠷᠠᠯ ᠡᠷᠭᠢᠯᠠᠪᠠ᠃ | | | ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠪᠦᠬᠦ | ᠬᠤᠰᠢᠭᠤᠨ ᠤ ᠦᠷᠬᠡᠨ ᠤᠯᠠᠨ ᠨᠠᠮ ᠤᠨ ᠬᠡᠰᠢᠬᠦᠨ ᠺᠠᠳᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ | ᠤᠯᠤᠰ ᠲᠥᠷᠥ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ ᠬᠡᠪᠡ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ᠂ ᠲᠡᠭᠦᠨ ᠤ ᠭᠤᠣᠯ ᠵᠣᠷᠢᠯᠲᠠ | ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠮᠰᠢᠵᠦ᠂ ᠲᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠦᠭᠡ | ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠬᠡᠪᠡ᠃ | | | ᠬᠤᠷᠠᠯ ᠠᠴᠠ ᠴᠢᠬᠤᠯᠠᠴᠢᠯᠠᠭᠰᠠᠨ ᠨᠢ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠱᠠᠳᠤ ᠱᠠᠳᠤ ᠪᠠᠷ | ᠲᠠᠷᠤᠭᠠᠰᠦ ᠨᠡᠮᠡᠬᠦ᠂ ᠳᠤᠷ᠎ᠠ ᠪᠠᠷ ᠢᠶᠠᠨ ᠬᠥᠳᠡᠯᠭᠡᠭᠡᠨ ᠨᠡᠮᠡᠭᠳᠡᠭᠦᠯᠬᠦ ᠵᠡᠷᠭᠡ ᠪᠠᠶᠢᠳᠠᠯ ᠢ ᠰᠡᠷᠭᠡᠶᠢᠯᠡᠵᠦ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ᠂ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠬᠤᠶᠠᠷ ᠶᠡᠭᠡ ᠶᠠᠪᠤᠳᠠᠯ ᠪᠠ᠂ ᠵᠢᠷᠭᠤᠭᠠᠨ ᠢᠨᠵᠧᠷᠨᠢᠩ ᠢ | ᠦᠨᠳᠦᠷ ᠶᠠᠰᠦ ᠴᠢᠨᠠᠷ ᠲᠠᠢ ᠨᠠᠶᠢᠳᠠᠪᠤᠷᠢᠵᠢᠭᠤᠯᠬᠤ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ | ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠵᠦ ᠵᠦᠪᠬᠡᠨ ᠬᠡᠯᠪᠡᠷᠢ ᠶᠢᠨ ᠲᠠᠳᠤᠢ | ᠶᠠᠪᠤᠭᠳᠠᠬᠤ ᠠᠴᠠ ᠰᠡᠷᠬᠡᠶᠢᠯᠡᠬᠦ ᠬᠡᠷᠡᠭᠳᠠᠢ᠃ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠤᠬᠠᠭᠤᠯᠵᠤ ᠬᠦᠳᠦᠯᠦᠨ | ᠵᠢᠯᠣᠭᠤᠳᠬᠤ ᠪᠠᠨ ᠴᠢᠩᠭᠠᠳᠬᠠᠵᠤ᠂ ᠲᠤᠬᠢᠷᠠᠭᠤᠯᠤᠯᠳᠠ ᠵᠢᠯᠤᠭᠤᠳᠤᠯᠭ᠎ᠠ ᠪᠠᠨ ᠴᠢᠩᠭᠠᠳᠬᠠᠨ᠂ ᠠᠰᠠᠭᠤᠳᠠᠯ ᠢ | ᠴᠠᠭ ᠲᠤᠬᠠᠢ ᠳᠤᠨᠢ ᠢᠯᠡᠷᠡᠭᠦᠯᠵᠦ᠂ ᠵᠦᠷᠢᠶ᠎ᠡ ᠲᠤᠳᠠᠭᠳᠠᠯ ᠢᠶᠠᠨ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠨᠠᠶᠢᠳᠠᠪᠤᠷᠢᠵᠢᠭᠤᠯᠵᠦ ᠪᠤᠳᠠᠳᠦ ᠦᠷ᠎ᠡ ᠪᠦᠳᠦᠮᠵᠢ ᠤᠯᠬᠤ ᠶᠢ ᠦᠨᠡᠨᠬᠦ ᠪᠠᠲᠤᠯᠠᠬᠤ | ᠬᠡᠷᠡᠭᠲᠡᠢ ᠬᠡᠪᠡ᠃ | ᠬᠤᠷᠠᠯ ᠠᠴᠠ ᠪᠠᠰᠠ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠪᠠᠭ᠎ᠠ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ᠂ ︽ᠠᠵᠢᠯ ᠤᠨ | ᠲᠦᠷᠢᠮ︾ ᠪᠣᠯᠤᠨ ᠠᠯᠪᠠᠨ ᠬᠡᠷ ᠤᠨ ︽ᠠᠵᠢᠯ ᠤᠨ ᠨᠠᠷᠢᠨ ᠲᠦᠷᠢᠮ︾ ᠢ ᠬᠢᠨᠠᠨ ᠵᠥᠪᠯᠡᠵᠡᠶ᠃ ᠬᠤᠰᠢᠭᠤ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠡᠳ᠋ | ᠲᠠᠷᠤᠭ᠎ᠠ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |