3 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ | ᠪᠡᠯᠴᠢᠭᠡᠷ ᠥᠨᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠰᠣᠨᠢᠨ ᠮᠡᠳᠡᠭᠡᠨ ᠤ | ᠥᠭᠦᠯᠡᠭᠴᠢ ᠠᠴᠠ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠴᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠵᠠᠭᠤᠴᠢᠯᠠᠭᠤᠷ ᠤᠨ | ᠰᠣᠷᠪᠣᠯᠵᠢᠯᠠᠭᠴᠢᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠪᠠ᠃ | ᠲᠠᠨᠢᠯᠴᠠᠭᠤᠯᠤᠭᠰᠠᠨ ᠢᠶᠠᠷ᠂ ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠥᠨᠢᠳ | ᠵᠡᠭᠦᠨ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠨᠢ 2024 ᠣᠨ ᠤ 4 ᠰᠠᠷ᠎ᠠ ᠶᠢᠨ 1 ᠤ | ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ᠂ 7 ᠰᠤᠮᠤ ᠪᠠᠯᠭᠠᠰᠤᠨ ᠤ 49 ᠭᠠᠴᠠᠭᠠᠨ ᠤ 4585.64 | ᠲᠦᠮᠡᠨ ᠮᠥ ᠪᠡᠯᠴᠢᠭᠡᠷ ᠲᠤ ᠬᠠᠪᠤᠷ ᠤᠨ ᠤᠯᠠᠷᠢᠯ ᠤᠨ ᠪᠡᠯᠴᠢᠭᠡᠷ ᠢ ᠵᠣᠭᠰᠣᠭᠠᠬᠤ 45 ᠡᠳᠦᠷ ᠤᠨ ᠬᠤᠭᠤᠴᠠᠭ᠎ᠠ | ᠲᠠᠢ ᠠᠵᠢᠯ ᠥᠷᠨᠢᠭᠦᠯᠵᠦ᠂ ᠪᠡᠯᠴᠢᠭᠡᠷ ᠰᠡᠷᠭᠦᠭᠡᠬᠦ ᠡᠭᠦᠯᠳᠡᠷ ᠢ ᠦᠬᠡᠷ᠂ ᠬᠤᠨᠢ᠂ ᠢᠮᠠᠭ᠎ᠠ ᠳᠤ ᠬᠢᠵᠠᠭᠠᠷᠯᠠᠵᠠᠢ᠃ | ︵ᠮᠣᠷᠢ᠂ ᠲᠡᠮᠡᠭᠡ ᠪᠡᠯᠴᠢᠭᠡᠷᠯᠡᠭᠦᠯᠬᠦ ᠶᠢ ᠵᠣᠭᠰᠣᠭᠠᠬᠤ ᠬᠡᠪᠴᠢᠶᠡᠨ ᠳᠤ ᠪᠠᠭᠲᠠᠬᠤ ᠥᠬᠡᠶ︶ ᠪᠣᠯᠤᠨ᠎ᠠ᠃ | ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠥᠷᠢ ᠶᠢᠨ ᠪᠠᠷᠢᠮᠵᠢᠶ᠎ᠠ ᠨᠢ 1.125 ᠲᠥᠭᠦᠷᠢᠭ / ᠮᠥ ᠪᠠᠶᠢᠵᠤ᠂ | ᠡᠷᠦᠬᠡ ᠪᠦᠷᠢ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ ᠪᠠᠷ ᠪᠤᠳᠤᠨ᠎ᠠ᠃ | ᠪᠡᠯᠴᠢᠭᠡᠷᠯᠡᠭᠦᠯᠬᠦ ᠶᠢ ᠵᠣᠭᠰᠣᠭᠠᠵᠤ ᠳᠠᠭᠤᠰᠤᠭᠰᠠᠨ ᠤ ᠳᠠᠷᠠᠭ᠎ᠠ᠂ ᠮᠠᠯᠵᠢᠬᠤ ᠡᠷᠦᠬᠡ ᠶᠢᠨ ᠪᠡᠯᠴᠢᠭᠡᠷᠯᠡᠭᠦᠯᠬᠦ ᠶᠢ | ᠵᠣᠭᠰᠣᠭᠠᠭᠰᠠᠨ ᠪᠣᠳᠠᠲᠤ ᠪᠠᠶᠢᠳᠠᠯ ᠢ ᠦᠨᠳᠦᠰᠦᠯᠡᠨ᠂ ᠭᠠᠴᠠᠭ᠎ᠠ ᠶᠢᠨ ᠳᠣᠲᠣᠭᠠᠳᠤ ᠳᠤ ᠢᠯᠡ ᠨᠡᠶᠢᠲᠡᠯᠡᠭᠡᠳ | ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ᠂ ︽ᠨᠢᠭᠡ ᠺᠠᠷᠲ︾ ᠢᠶᠠᠷ ᠳᠡᠮᠵᠢᠨ ᠪᠡᠯᠴᠢᠭᠡᠷᠯᠡᠭᠦᠯᠬᠦ ᠶᠢ | ᠵᠣᠭᠰᠣᠭᠠᠭᠰᠠᠨ ᠨᠥᠬᠦᠪᠥᠷᠢ ᠣᠯᠭᠤᠨ᠎ᠠ᠃ |