4 ᠳ᠋ᠤᠭᠡᠷ ᠰᠠᠷ᠎ᠠ ᠶᠢᠨ 17 ᠤ ᠡᠳᠦᠷ᠂ ᠮᠠᠨ ᠤ ᠬᠤᠰᠢᠭᠤ 2024 ᠣᠨ ᠤ ᠲᠡᠤᠬᠡ ᠶᠢᠨ | ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠲᠡᠤᠬᠡ ᠶᠢᠨ | ᠳᠤᠷᠠᠰᠬᠠᠯᠲᠤ ᠵᠤᠶᠢᠯᠡᠰ ᠤᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠤᠨ ᠬᠤᠷᠠᠯ ᠬᠤᠷᠠᠯᠳᠤᠭᠤᠯᠵᠤ᠂ ᠰᠢ | ᠶᠢᠨ ᠫᠢᠩ ᠶᠡᠷᠦᠩᠬᠡᠶ ᠱᠦᠵᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ | ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠵᠢᠴᠢ ᠶᠢᠨ | ᠵᠢᠶᠧ ᠬᠤᠤ (金界壕) ᠶᠢᠨ ᠠᠰᠠᠭᠤᠳᠠᠯ ᠤᠨ ᠬᠤᠯᠪᠣᠭᠳᠠᠯ ᠪᠥᠬᠦᠶ ᠪᠠᠶᠢᠳᠠᠯ ᠪᠠ ᠰᠢᠢᠳᠪᠦᠷᠢᠯᠡᠬᠦ ᠪᠠᠷ | ᠲᠥᠯᠥᠪᠯᠡᠵᠦ ᠪᠠᠶᠢᠭ᠎ᠠ ᠰᠠᠨᠠᠯ ᠢ ᠮᠡᠳᠡᠭᠳᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ ᠬᠤᠷᠠᠯ ᠳᠤ ᠣᠷᠣᠯᠴᠠᠵᠤ᠂ ᠬᠤᠰᠢᠭᠤ ᠵᠠᠰᠠᠭ ᠤᠨ ᠣᠷᠳᠣᠨ ᠤ | ᠳᠡᠳ᠋ ᠳᠠᠷᠤᠭ᠎ᠠ ᠪᠡᠬᠡᠵᠢᠯᠲᠦ ᠬᠤᠷᠠᠯ ᠡᠷᠭᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠶᠡᠷᠦᠩᠬᠡᠶ ᠱᠦᠵᠢ ᠶᠢᠨ ᠱᠠᠭᠠᠷᠳᠠᠯᠭ᠎ᠠ᠂ ᠨᠠᠮ ᠤᠨ | ᠲᠥᠪ ᠬᠤᠷᠢᠶᠠᠨ ᠤ ᠵᠣᠷᠢᠭ ᠰᠠᠨᠠᠭ᠎ᠠ ᠶᠢ ᠠᠵᠢᠯ ᠤᠨ ᠡᠯ᠎ᠡ ᠲᠠᠯ᠎ᠠ ᠪᠠ ᠪᠥᠬᠦ ᠶᠠᠪᠤᠴᠠ ᠳᠤ ᠤᠬᠠᠮᠰᠠᠷ ᠠᠴᠠ ᠪᠠᠨ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠰᠢᠰᠲ᠋ᠧᠮᠲᠦ | ᠴᠢᠨᠠᠷᠲᠠᠢ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠬᠦᠯᠬᠦ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠳᠦᠯᠲᠡᠶ ᠪᠠᠶᠢᠷᠢᠯᠠᠭᠤᠯᠤᠯᠲᠠ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠪᠠᠶᠢᠭᠤᠯᠤᠮᠵᠢ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠤᠳᠤᠷᠢᠳᠬᠤ ᠺᠠᠳ᠋ᠷ ᠤᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠦᠴᠦᠷᠬᠡᠭ | ᠶᠡᠭᠡ ᠬᠠᠮᠠᠭᠠᠯᠠᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠳᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠭᠡᠪᠡ᠃ | ᠬᠤᠰᠢᠭᠤ ᠲᠡᠤᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠤᠳᠤᠷᠢᠳᠬᠤ ᠳᠤᠭᠤᠶᠢᠯᠠᠩ | ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠵᠢᠴᠢ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠤ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ ᠬᠤᠷᠠᠯ ᠳᠤ ᠣᠷᠣᠯᠴᠠᠵᠠᠶ᠃ |