ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠲᠠᠪᠤᠳᠤᠭᠠᠷ ᠤᠳᠠᠭᠠᠨ  ᠤ ᠠᠵᠢᠯ ᠤᠨ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄
2024/4/30
      4 ᠳ᠋ᠤᠭᠡᠷ ᠰᠠᠷ᠎ᠠ ᠶᠢᠨ 29 ᠤ ᠡᠳᠦᠷ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠲᠠᠪᠤᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠲᠥᠷᠥᠯ ᠤᠨ ᠠᠳᠡᠯ ᠤᠨ ᠰᠤᠷᠭᠠᠮᠵᠢ ᠶᠢ ᠰᠤᠨᠤᠰᠴᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠪᠤᠯᠤᠳ ᠬᠤᠷᠠᠯ ᠳᠤ ᠤᠷᠤᠯᠴᠠᠪᠠ᠃       ᠬᠤᠷᠠᠯ ᠠᠴᠠ᠂ ︽5.1︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠬᠤ ᠪᠤᠯᠬᠤᠯᠠᠷ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠶᠢᠮᠠᠭ᠂ ᠬᠤᠰᠢᠭᠤ ᠬᠤᠶᠠᠷ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ  ᠤᠨ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠦᠴᠦᠲᠡᠢ ᠠᠬᠢᠭᠤᠯᠵᠤ᠂ ᠵᠠᠮ ᠲᠡᠭᠡᠭᠡᠪᠦᠷᠢ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠠᠩᠬᠠᠷᠴᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠪᠠᠶᠢᠴᠠᠭᠠᠨ ᠵᠠᠰᠠᠬᠤ  ᠶᠢ ᠴᠢᠩᠭᠠᠳᠬᠠᠵᠤ᠂ ᠣᠳᠣᠬᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠵᠤ᠂ ᠭᠠᠯ ᠤᠨᠲᠠᠷᠠᠭᠠᠬᠤ ᠵᠠᠮ ᠪᠥᠭᠯᠡᠷᠡᠬᠦ᠂ ᠲᠣᠭᠲᠠᠭᠠᠯ ᠠᠴᠠ ᠵᠥᠷᠢᠴᠡᠨ ᠰᠢᠭᠤᠤᠨ ᠨᠡᠪᠲᠡᠷᠡᠬᠦ ᠵᠠᠮ ᠳᠤ ᠬᠠᠷᠰᠢ ᠰᠠᠭᠠᠳ ᠪᠠᠶᠢᠷᠢᠯᠠᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ  ᠤᠨ ᠶᠠᠪᠤᠳᠠᠯ ᠤᠨ ᠵᠢᠵᠢᠭᠦᠷ ᠤᠨ ᠠᠵᠢᠯ᠂ ᠵᠢᠵᠢᠭᠦᠷᠯᠡᠭᠴᠢ ᠶᠢᠨ ᠠᠵᠢᠯ ᠤᠨ ᠪᠠᠶᠢᠷᠢ ᠳᠤ ᠪᠠᠶᠢᠬᠤ᠂ ᠵᠢᠵᠢᠭᠦᠷᠯᠡᠬᠦ ᠤᠲᠠᠰᠤ 24 ᠴᠠᠭ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠰᠠᠨ ᠪᠠᠶᠢᠨ᠎ᠠ᠃       ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号