ᠮᠠᠨ ᠤ ᠬᠤᠰᠢᠭᠤ 2024 ᠤᠨ ᠤ《 ᠤᠮᠠᠷᠠᠲᠦ ᠬᠢᠯᠢ ᠶᠢᠨ ᠤᠷᠠᠨ ᠤᠩᠰᠢᠯᠭ᠎ᠠ︾᠂ ︽4 · 23 ︾  ᠤ ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠵᠢᠴᠢ ᠪᠥᠬᠦ ᠠᠷᠠᠳ ᠤᠨ ᠨᠣᠮ ᠤᠩᠰᠢᠯᠭ᠎ᠠ ᠶᠢᠨ ᠰᠢᠷᠢᠰ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/30
       4  ᠳ᠋ᠤᠭᠡᠷ ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠰᠢᠤᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ ᠵᠡᠷᠭᠡ ᠨᠢᠭᠡᠴᠡ ᠬᠠᠮᠲᠤᠷᠠᠨ᠂ 2024 ᠤᠨ ᠤ 《 ᠤᠮᠠᠷᠠᠲᠦ ᠬᠢᠯᠢ ᠶᠢᠨ ᠤᠷᠠᠨ ᠤᠩᠰᠢᠯᠭ᠎ᠠ》4 · 23 ᠤ ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠵᠢᠴᠢ ᠪᠥᠬᠦ ᠠᠷᠠᠳ ᠤᠨ ᠨᠣᠮ ᠤᠩᠰᠢᠯᠭ᠎ᠠ ᠶᠢᠨ ᠰᠢᠷᠢᠰ  ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠬᠦᠮᠤᠵᠢᠯ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠳ᠋ᠧ ᠮᠢᠩ᠂ ᠬᠤᠰᠢᠭᠤᠨ ᠤ ᠠᠯᠳᠠᠷᠲᠤ ᠵᠣᠬᠢᠶᠠᠯᠴᠢ ᠶᠣᠣ · ᠡᠷᠳᠡᠨᠢᠲᠤᠭᠲᠠᠬᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
               ᠶᠣᠰᠣᠯᠠᠯ ᠳᠡᠭᠡᠷ᠎ᠡ᠂ ᠰᠠᠴᠤᠷᠠᠨ ᠪᠠᠶᠠᠷ ᠤᠨ ᠦᠭᠡ ᠬᠡᠯᠡᠵᠦ᠂ ᠨᠣᠮ ᠤᠩᠰᠢᠬᠤ ᠨᠢ ᠬᠤᠪᠢ ᠬᠥᠮᠦᠨ ᠤ ᠦᠰᠦᠨ ᠪᠤᠶᠢᠵᠢᠯᠲᠠ᠂ ᠨᠡᠶᠢᠭᠡᠮ ᠤᠨ ᠲᠠᠪᠰᠢᠯᠳᠠ ᠳᠤ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠴᠢᠬᠤᠯᠠᠴᠢᠯᠠᠵᠤ᠂ ᠤᠯᠠᠨ ᠢᠶᠠᠷ ᠢᠶᠠᠨ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠤᠯᠠᠮᠵᠢᠯᠠᠨ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ᠨᠠᠰᠤᠨ ᠲᠤᠷᠰᠢᠳᠠ ᠰᠤᠷᠤᠯᠴᠠᠬᠤ ᠨᠡᠶᠢᠭᠡᠮ ᠤᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ  ᠶᠢ ᠵᠣᠷᠢᠭᠵᠢᠭᠤᠯᠪᠠ᠃
               ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠰᠢᠨ᠎ᠡ ᠨᠣᠮ ᠨᠡᠶᠢᠲᠡᠯᠡᠬᠦ ᠬᠤᠷᠠᠯ ᠬᠢᠵᠦ᠂ ᠶᠣᠣ · ᠡᠷᠳᠡᠨᠢᠲᠤᠭᠲᠠᠬᠤ ᠪᠠᠭᠰᠢ ᠶᠢᠨ ᠨᠠᠶᠢᠷᠠᠭᠤᠯᠬᠤ ᠺᠣᠮᠢᠰ ᠠᠴᠠ ᠣᠯᠠᠨ ᠳᠤ ᠰᠢᠨ᠎ᠡ ᠨᠣᠮ ︽ᠳ᠋᠊ · ᠴᠠᠭᠠᠨ ᠤ ᠵᠣᠬᠢᠶᠠᠯ  ᠤᠨ ᠲᠡᠭᠦᠪᠦᠷᠢ︾ ᠶᠢ ᠲᠠᠨᠢᠯᠴᠠᠭᠤᠯᠤᠭᠰᠠᠨ ᠪᠥᠭᠡᠳ ᠰᠢᠨ᠎ᠡ ᠨᠣᠮ ᠪᠡᠯᠡᠭᠯᠡᠬᠦ ᠶᠣᠰᠣᠯᠠᠯ ᠶᠠᠪᠤᠭᠤᠯᠪᠠ᠃ ᠲᠤᠰ ᠨᠣᠮ  ᠳᠤ ᠠᠯᠳᠠᠷᠲᠤ ᠬᠠᠳᠠᠨ ᠵᠢᠷᠤᠭ ᠤᠨ ᠰᠤᠳᠤᠯᠤᠭᠴᠢ᠂ ᠴᠢᠯᠠᠭᠤᠨ ᠵᠡᠪᠰᠡᠭ ᠤᠨ ᠰᠣᠶᠣᠯ ᠤᠨ ᠰᠤᠳᠤᠯᠤᠭᠴᠢ᠂ ᠵᠠᠩ ᠦᠢᠯᠡ ᠶᠢᠨ ᠡᠷᠳᠡᠮᠲᠡᠨ᠂ ᠵᠣᠬᠢᠶᠠᠯᠴᠢ ᠳ᠋᠊ · ᠴᠠᠭᠠᠨ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠡᠯ᠎ᠡ ᠬᠦᠷᠢᠶᠡᠨ ᠳᠠᠬᠢ ᠰᠤᠳᠤᠯᠭᠠᠨ ᠤ ᠦᠷ᠎ᠡ ᠪᠦᠲᠦᠭᠡᠯ ᠪᠠ ᠤᠳᠬ᠎ᠠ ᠵᠣᠬᠢᠶᠠᠯ ᠤᠨ ᠪᠦᠲᠦᠭᠡᠯ ᠢ ᠪᠦᠬᠦ ᠲᠠᠯ᠎ᠠ ᠪᠠᠷ ᠡᠮᠬᠢᠳᠬᠡᠨ ᠣᠷᠣᠭᠤᠯᠤᠭᠰᠠᠨ ᠪᠥᠭᠡᠳ ᠲᠡᠭᠦᠨ ᠤ ᠡᠷᠳᠡᠮ ᠰᠢᠨᠵᠢᠯᠡᠭᠡᠨ ᠤ ᠠᠮᠢᠳᠤᠷᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠢᠨᠢ ᠳ᠋ᠦᠩᠨᠡᠯᠲᠡ ᠶᠢᠨ ᠴᠢᠨᠠᠷᠲᠠᠶ ᠵᠣᠬᠢᠶᠠᠯ ᠪᠦᠲᠦᠭᠡᠯ ᠪᠣᠯᠬᠤ ᠪᠥᠭᠡᠳ ᠪᠦᠬᠦ ᠨᠣᠮ ᠨᠢ ᠨᠡᠶᠢᠳᠡ ᠵᠢᠷᠭᠤᠭᠠᠨ ᠳᠡᠪᠲᠡᠷ᠂ 60 ᠭᠠᠷᠤᠶ ᠲᠦᠮᠡᠨ ᠦᠰᠦᠭ ᠲᠠᠢ ᠨᠤᠮ ᠪᠤᠯᠤᠨ᠎ᠠ᠃
               ᠨᠢᠭᠡ ᠰᠠᠶᠢᠨ ᠨᠣᠮ ᠲᠠᠢ ᠲᠠᠭᠠᠷᠠᠯᠳᠤᠪᠠᠯ᠂ ᠨᠢᠭᠡ ᠰᠠᠶᠢᠨ ᠨᠠᠶᠢᠵᠠ ᠲᠠᠢ ᠪᠠᠨ ᠤᠴᠠᠷᠠᠭᠰᠠᠨ ᠲᠠᠢ ᠠᠳᠠᠯᠢ᠂ ᠠᠳᠠᠯᠢ ᠪᠤᠰᠤ ᠨᠣᠮ ᠨᠢ ᠠᠳᠠᠯᠢ ᠪᠤᠰᠤ ᠥᠯᠢᠭᠡᠷ ᠢ ᠲᠤᠰᠬᠠᠵᠦ᠂ ᠠᠳᠠᠯᠢ ᠪᠤᠰᠤ ᠥᠯᠢᠭᠡᠷ ᠢ ᠬᠤᠪᠢᠶᠠᠯᠴᠠᠨ ᠡᠳ᠋ᠯᠡᠬᠦ  ᠨᠢ ᠴᠦ ᠤᠩᠰᠢᠭᠴᠢᠳ ᠲᠤ ᠠᠳᠠᠯᠢ ᠪᠤᠰᠤ ᠲᠥᠷᠥᠭᠳᠡᠯ ᠢ ᠠᠪᠴᠢᠷᠠᠵᠤ ᠦᠭᠳᠡᠭ᠃ ᠨᠣᠮ ᠤᠩᠰᠢᠬᠤ ᠶᠢ ᠬᠤᠪᠢᠶᠠᠯᠴᠠᠨ ᠡᠳ᠋ᠯᠡᠬᠦ ᠶᠠᠪᠤᠴᠠ ᠳᠤ᠂ ᠳᠦᠷᠪᠡᠨ ᠤᠩᠰᠢᠭᠴᠢ ᠶᠢ ᠤᠷᠢᠵᠤ ᠥᠪᠡᠷ ᠤᠨ ᠬᠠᠶᠢᠷᠠᠲᠠᠶ ᠨᠣᠮ ᠲᠠᠢ ᠪᠠᠨ ᠤᠴᠠᠷᠠᠭᠰᠠᠨ ᠢᠶᠠᠨ ᠬᠤᠪᠢᠶᠠᠯᠴᠠᠭᠤᠯᠵᠤ᠂ ᠨᠣᠮ ᠶᠠᠷᠢᠭᠴᠢ ᠶᠢᠨ ᠨᠣᠮ ᠪᠢᠴᠢᠭ ᠢᠶᠠᠨ ᠬᠤᠪᠢᠶᠠᠯᠴᠠᠬᠤ᠂ ᠲᠠᠨᠢᠯᠴᠠᠭᠤᠯᠤᠨ ᠤᠩᠰᠢᠬᠤ ᠪᠠᠷ ᠳᠠᠮᠵᠢᠭᠤᠯᠤᠨ᠂ ᠨᠣᠮ ᠢᠶᠠᠷ ᠨᠠᠶᠢᠵᠠ ᠲᠠᠢ ᠪᠠᠨ ᠨᠦᠬᠦᠷᠯᠡᠭᠰᠡᠨ᠂ ᠤᠩᠰᠢᠯᠭ᠎ᠠ ᠶᠢᠨ ᠬᠦᠴᠦᠨ ᠢ ᠳᠠᠮᠵᠢᠭᠤᠯᠤᠭᠰᠠᠨ ᠪᠠᠶᠢᠨ᠎ᠠ᠃
               ︽ᠨᠣᠮ ᠤᠨ ᠦᠨᠦᠷ ᠠᠮᠲᠠ ᠶᠢ ᠬᠠᠮᠲᠤ ᠪᠠᠷ ᠡᠳ᠋ᠯᠡᠵᠦ᠂ ᠪᠣᠯᠪᠠᠰᠤᠨ ᠢ ᠬᠠᠮᠲᠤ ᠪᠠᠷ ᠠᠬᠢᠭᠤᠯᠤᠶ᠎ᠠ︾ ᠭᠡᠬᠦ ᠨᠣᠮ ᠤᠨ ᠪᠣᠬᠢᠷᠲᠤᠯ ᠦᠭᠡᠢ ᠤᠩᠰᠢᠯᠭ᠎ᠠ ᠶᠢᠨ ᠭᠤᠣᠯ ᠰᠡᠳᠦᠪᠲᠦ ᠨᠣᠮ ᠤᠨ ᠦᠵᠡᠭᠦᠯᠦᠯᠭᠡ ᠶᠢᠨ ᠲᠠᠯᠠᠪᠤᠷ  ᠲᠤ᠂  ᠬᠤᠰᠢᠭᠤ ᠰᠢᠦᠳᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ ᠲᠤ ᠬᠡᠦᠬᠡᠳ ᠤᠨ ᠤᠩᠰᠢᠬᠤ ᠨᠣᠮ᠂ ᠨᠡᠷᠡᠳᠦ ᠬᠥᠮᠦᠰ ᠤᠨ ᠨᠠᠮᠲᠠᠷ᠂ ᠤᠯᠠᠨ ᠲᠦᠷᠦᠯ ᠤᠨ ᠨᠣᠮ ᠪᠢᠴᠢᠭ ᠢ 2000 ᠭᠠᠷᠤᠢ ᠵᠦᠢᠯ᠂ 3 ᠲᠦᠮᠡ ᠭᠠᠷᠤᠢ ᠳᠡᠪᠲᠡᠷ ᠢᠶᠠᠷ ᠳᠡᠯᠭᠡᠨ ᠦᠵᠡᠭᠦᠯᠵᠦ᠂ ᠤᠯᠠᠨ ᠢᠶᠠᠷ ᠢᠶᠠᠨ ᠲᠠᠭᠠᠯᠠᠭᠳᠠᠭᠰᠠᠨ ᠨᠣᠮ ᠢ ᠰᠣᠩᠭᠤᠵᠤ᠂ ᠡᠨᠡ ᠤᠳᠠᠭ᠎ᠠ ᠶᠢᠨ ᠨᠣᠮ ᠤᠨ ᠴᠤᠭᠯᠠᠭᠠᠨ ᠳᠤ ᠰᠡᠳᠬᠢᠯ ᠬᠦᠲᠦᠯᠦᠭᠳᠠᠵᠤ ᠪᠠᠶᠢᠯ᠎ᠠ᠃        ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠡᠰᠡᠭ ᠨᠣᠮ ᠤᠩᠰᠢᠬᠤ ᠳᠤᠷᠠᠲᠠᠶ ᠬᠥᠮᠦᠰ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号