4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ 2024 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ | ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ ᠲᠤᠰᠬᠠᠶ | ᠰᠡᠳᠦᠪ ᠢᠶᠠᠷ ᠰᠤᠳᠤᠯᠤᠨ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ | ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠭᠡᠰᠢᠭᠦᠳ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠶᠢ ᠦᠨᠡᠨᠬᠦ | ᠰᠠᠶᠢᠲᠤᠷ ᠪᠠᠷᠢᠮᠳᠠᠯᠠᠨ᠂ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠬᠤᠨ ᠢ ᠭᠦᠨᠵᠡᠭᠡᠶ ᠲᠠᠨᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠤᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠦ᠂ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠶ ᠠᠬᠢᠭᠤᠯᠵᠤ᠂ ᠣᠯᠠᠨ ᠨᠡᠶᠢᠲᠡ ᠶᠢᠨ ᠤᠶᠢᠯᠡᠴᠢᠯᠡᠭᠡᠨ ᠤ ᠪᠠᠶᠢᠭᠤᠯᠤᠯᠲᠠ ᠵᠢᠴᠢ ᠰᠣᠶᠣᠯ ᠤᠨ ᠠᠵᠤ | ᠤᠶᠢᠯᠡᠰ ᠤᠨ ᠬᠥᠭᠵᠢᠯᠲᠡ ᠶᠢ ᠴᠢᠩᠭᠠᠳᠬᠠᠬᠤ ᠳᠤᠮᠳᠠ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ | ᠳᠣᠪᠤᠶᠢᠯᠭᠠᠨ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠪᠥᠲᠥᠭᠡᠨ ᠪᠠᠶᠢᠭᠤᠯᠬᠤ ᠲᠡᠮᠡᠴᠡᠯ ᠪᠠ | ᠤᠶᠢᠯᠡᠳᠤᠯᠭᠡ ᠶᠢᠨ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ | ᠡᠯ᠎ᠡ ᠵᠤᠶᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠠᠢ ᠭᠡᠵᠠᠢ᠃ | ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ |