ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ  ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠰᠠᠯᠠᠭ᠎ᠠ ᠲᠠᠰ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠪᠤᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2024/4/9
        3 ᠳ᠋ᠤᠭᠠᠷ ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ  ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠰᠠᠯᠠᠭ᠎ᠠ ᠲᠠᠰ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠪᠤᠯᠪᠠᠰᠤᠷᠠᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ︽ᠠᠩᠬᠠᠨ ᠤ ᠬᠢᠴᠢᠶᠡᠯ ︾ ᠳᠤ ᠣᠷᠣᠯᠴᠠᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᠬᠤᠩ ᠪᠢᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠶᠣᠰᠣᠯᠠᠯ ᠳᠤ ᠣᠷᠣᠯᠴᠠᠵᠠᠶ᠃         ᠸᠠᠩ ᠶᠦᠩ ᠵᠢᠶᠦ᠋ᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠶᠢᠨ ᠳᠣᠲᠣᠭᠠᠳᠤ ᠠᠭᠤᠯᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠬᠤ ᠨᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠬᠥᠭᠵᠢᠯᠲᠡ ᠳᠠᠬᠢ ᠴᠢᠬᠤᠯᠠ ᠶᠡᠭᠡ ᠠᠴᠢ ᠬᠤᠯᠪᠣᠭᠳᠠᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠦ ᠦᠨᠳᠦᠰᠦᠲᠡᠨ ᠤ ᠭᠠᠵᠠᠷ ᠣᠷᠣᠨ ᠤ ︽ᠵᠢᠷᠭᠤᠭᠠᠨ ᠶᠡᠭᠡ ᠪᠦᠳᠦᠬᠡᠨ ᠪᠠᠶᠢᠭᠤᠯᠤᠯᠲᠠ︾ ᠶᠢ ᠲᠤᠤᠱᠯᠠᠭᠤᠯᠬᠤ ᠲᠤᠬᠠᠢ᠂ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠢᠴᠢᠶᠡᠯ ᠢ ᠤᠷᠤᠪᠠ᠃         ᠸᠠᠩ ᠶᠦᠩ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ  ᠲᠠᠢ ᠨᠢᠭᠲᠠ ᠤᠶᠠᠯᠳᠤᠭᠤᠯᠤᠨ᠂ ᠠᠵᠤ ᠠᠬᠤᠶ᠂ ᠤᠯᠤᠰ ᠲᠦᠷᠦ᠂ ᠰᠣᠶᠣᠯ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠠᠴᠠ ᠥᠴᠦᠬᠡᠨ ᠴᠦ ᠰᠠᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠨᠣᠯ ᠤᠨ ᠬᠢᠷᠢ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠ ︽ᠵᠢᠷᠭᠤᠭᠠᠨ ᠢᠨᠵᠧᠨᠧᠷᠢᠩ︾ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠬᠡᠪᠡ᠃         ᠬᠢᠴᠢᠶᠡᠯ ᠵᠢᠭᠠᠬᠤ ᠶᠠᠪᠤᠴᠠ ᠳᠤ᠂ ᠸᠠᠩ ᠶᠦᠩ ᠵᠢᠶᠦ᠋ᠨ ᠪᠠᠰᠠ ᠨᠠᠮ ᠤᠨ ᠰᠤᠷᠭᠠᠭᠤᠯᠢ ᠶᠢᠨ ᠬᠢᠴᠢᠶᠡᠯ  ᠤᠨ ᠥᠭᠡᠷᠡᠴᠢᠯᠡᠯᠲᠡ ᠪᠣᠯᠤᠨ ᠬᠠᠮᠢᠶᠠᠷᠤᠯᠲᠠ᠂ ᠰᠤᠷᠤᠯᠴᠠᠯᠭ᠎ᠠ ᠶᠢᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃         ᠲᠤᠰ ᠤᠳᠠᠭᠠᠨ ᠤ ᠪᠤᠯᠪᠰᠤᠷᠠᠯ ᠤᠨ ᠠᠩᠭᠢ ᠶᠢ ᠬᠤᠶᠠᠷ ᠬᠤᠭᠤᠴᠠᠭ᠎ᠠ ᠬᠤᠪᠢᠶᠠᠨ᠂ ᠰᠤᠷᠤᠯᠭ᠎ᠠ ᠶᠢᠨ ᠬᠤᠭᠤᠴᠠᠭ᠎ᠠ ᠨᠢ 3 ᠡᠳᠦᠷ ᠪᠠᠶᠢᠵᠦ᠂ ᠤᠳᠤᠷᠢᠳᠬᠤ ᠺᠠᠳ᠋ᠷ ᠲᠠᠶᠢᠰᠠᠨ ᠳᠤ ᠭᠠᠷᠴᠤ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ᠂ ᠲᠤᠰᠬᠠᠶ ᠮᠡᠷᠭᠡᠵᠢᠯᠲᠡᠨ ᠲᠤᠰᠬᠠᠶ ᠰᠡᠳᠦᠪᠲᠦ ᠲᠠᠶᠢᠯᠤᠮᠵᠢ ᠬᠢᠬᠦ᠂ ᠰᠣᠷᠣᠭᠴᠢ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠵᠢᠴᠢ ᠣᠨᠣᠯ ᠤᠨ ᠰᠢᠯᠭᠠᠯᠲᠠ ᠪᠠ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠪᠠᠭ ᠤᠨ ᠪᠤᠰᠤᠳ ᠪᠦᠷᠢᠯᠳᠦᠬᠦᠨ᠂ ᠬᠤᠶᠠᠳᠤᠭᠠᠷ ᠳᠡᠰ ᠤᠨ ᠨᠢᠭᠡᠴᠡ ᠶᠢᠨ ᠰᠠᠯᠠᠭ᠎ᠠ ᠲᠠᠰ ᠤᠨ ᠤᠳᠤᠷᠢᠳᠬᠤ ᠺᠠᠳ᠋ᠷ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠢᠳᠡᠷ ᠵᠠᠯᠠᠭᠤ ᠤᠳᠤᠷᠢᠳᠬᠤ ᠺᠠᠳ᠋ᠷ ᠪᠣᠯᠪᠠᠰᠤᠷᠠᠯ ᠳᠤ ᠤᠷᠤᠯᠴᠠᠬᠤ ᠪᠤᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号