4 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ | ᠨᠢᠭᠡᠴᠡ ᠶᠢᠨ ᠨᠠᠮ ᠤᠨ ᠭᠡᠰᠢᠭᠦᠨ ᠺᠠᠳ᠋ᠷ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠵᠢᠴᠢ ᠰᠤᠷᠤᠭᠴᠢᠳ ᠤᠨ ᠲᠥᠯᠥᠭᠡᠯᠡᠭᠴᠢ᠂ | ᠬᠤᠰᠢᠭᠤᠨ ᠳᠤ ᠰᠠᠭᠤᠭ᠎ᠠ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ | ᠦᠷᠡᠭᠳᠡᠭᠰᠡᠨ ᠪᠠᠭᠠᠲᠤᠷᠴᠤᠳ ᠤᠨ ᠲᠤᠷᠠᠰᠬᠠᠯ ᠤᠨ ᠬᠦᠰᠢᠶ᠎ᠡ ᠳᠤ ᠴᠤᠭᠯᠠᠷᠠᠵᠤ᠂ ︽ᠰᠦᠭ ᠰᠦᠨᠡᠰᠦ ᠶᠢ | ᠱᠤᠭᠤᠬᠤ · 2024 ᠤᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢ ᠲᠠᠬᠢᠬᠤ︾ ᠠᠵᠢᠯᠯᠠᠭ᠎ᠠ | ᠥᠷᠨᠢᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠠᠮᠲᠤ ᠪᠠᠷ ᠳᠤᠷᠠᠰᠤᠨ ᠰᠠᠨᠠᠭᠠᠯᠵᠠᠪᠠ᠃ | | | | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶᠡᠨ ᠤ ᠡᠮᠦᠨ᠎ᠠ ᠤᠯᠠᠨ ᠢᠶᠠᠷ ᠢᠶᠠᠨ ᠲᠥᠪ | ᠬᠢᠴᠢᠶᠡᠩᠭᠦᠢ ᠪᠠᠷ ᠲᠡᠷᠢ ᠲᠡᠭᠰᠢ ᠮᠥᠷᠯᠡᠨ ᠵᠢᠭᠰᠠᠵᠦ ᠰᠦᠷ ᠵᠢᠪᠬᠤᠯᠠᠩᠲᠤ ᠬᠦᠭ ᠠᠶᠠᠰ ᠴᠤᠤᠷᠢᠶᠠᠲᠤᠬᠤ ᠶᠢ | ᠲᠠᠭᠠᠯᠳᠤᠨ᠂ ᠤᠯᠠᠨ ᠢᠶᠠᠷ ᠢᠶᠠᠨ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠲᠤ ᠴᠠᠭᠠᠷᠢᠭᠲᠤ ᠴᠡᠴᠡᠭ ᠬᠦᠷᠭᠡᠵᠦ᠂ ᠮᠡᠬᠦ᠋ᠢᠨ ᠨᠠᠮᠠᠨᠴᠢᠯᠠᠨ᠂ ᠬᠤᠪᠢᠰᠬᠠᠯ ᠤᠨ ᠨᠥᠭᠴᠢᠭᠰᠡᠨ | ᠪᠠᠭᠠᠲᠤᠷᠴᠤᠳ ᠢ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠵᠦ ᠪᠠᠶᠢᠭ᠎ᠠ ᠪᠠ ᠳᠤᠷᠠᠰᠤᠨ ᠰᠠᠨᠠᠭᠠᠯᠵᠠᠵᠦ ᠪᠠᠶᠢᠭ᠎ᠠ | ᠰᠡᠳᠬᠢᠯᠭᠡ ᠪᠠᠨ ᠢᠯᠡᠳᠬᠡᠪᠡ᠃ | | | ᠲᠤᠰ ᠠᠵᠢᠯᠯᠠᠭ᠎ᠠ ᠨᠢ ᠦᠷᠡᠭᠳᠡᠭᠰᠡᠨ ᠪᠠᠭᠠᠲᠤᠷᠴᠤᠳ ᠤᠨ ᠨᠠᠮ ᠳᠠᠭᠠᠨ ᠦᠨᠡᠨᠴᠢ ᠰᠢᠳᠤᠷᠭᠤ ᠪᠠᠶᠢᠬᠤ | ᠪᠠᠲᠤ ᠴᠢᠩᠭ᠎ᠠ ᠢᠲᠡᠭᠡᠯ ᠵᠣᠷᠢᠭ ᠪᠣᠯᠤᠨ ᠬᠠᠷᠠᠮ ᠦᠭᠡᠢ ᠵᠤᠷᠢᠭᠤᠯᠤᠭᠰᠠᠨ ᠬᠤᠪᠢᠰᠬᠠᠯᠲᠤ ᠬᠠᠶᠢᠷ᠎ᠠ ᠰᠡᠳᠬᠢᠯᠭᠡ ᠶᠢ | ᠤᠯᠠᠨ ᠳᠤ ᠭᠦᠨᠵᠡᠭᠡᠢ ᠣᠶᠢᠯᠠᠭᠠᠭᠤᠯᠵᠤ᠂ ᠬᠥᠮᠦᠨ ᠪᠦᠬᠦᠨ ᠳᠤ ᠬᠤᠪᠢᠰᠬᠠᠯᠲᠤ ᠵᠣᠷᠢᠭ ᠰᠠᠨᠠᠭᠠᠨ ᠤ ᠬᠦᠮᠦᠵᠢᠯ | ᠬᠦᠷᠲᠡᠭᠡᠵᠡᠢ᠃ | | | ᠲᠣᠰ ᠠᠵᠢᠯᠯᠠᠭ᠎ᠠ ᠳᠤ ᠤᠷᠤᠯᠴᠠᠭᠰᠠᠳ ᠠᠴᠠ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠢᠯᠡ | ᠠᠵᠢᠯᠯᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠣᠯᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭᠠᠨ ᠤ ᠵᠠᠯᠭᠠᠮᠵᠢᠯᠠᠭᠴᠢ᠂ | ᠦᠢᠯᠡᠳᠦᠯᠬᠡᠵᠢᠬᠦᠯᠦᠭᠴᠢ ᠪᠣᠯᠬᠤ ᠪᠠᠷ ᠴᠢᠷᠮᠠᠶᠢᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ | ᠬᠠᠷᠢᠭᠤᠴᠠᠯᠭ᠎ᠠ ᠪᠠᠨ ᠵᠣᠷᠢᠭᠲᠠᠶ ᠪᠠᠷ ᠡᠬᠦᠷᠬᠡᠯᠡᠵᠦ᠂ ᠵᠠᠮ ᠨᠡᠭᠡᠭᠡᠨ ᠤᠷᠤᠭᠰᠢᠯᠠᠵᠤ᠂ ᠮᠠᠨ ᠤ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠬᠡᠵᠦ | ᠢᠯᠡᠷᠬᠡᠶᠢᠯᠡᠵᠦ ᠪᠠᠶᠢᠪᠠ᠃ |