ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠤᠮᠠᠷᠠᠲᠤ ᠣᠷᠣᠨ ᠤ ᠬᠤᠪᠢᠶᠠᠷᠢ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/5/21
     5 ᠳ᠋ᠤᠭᠠᠷ ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ  ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠤᠮᠠᠷᠠᠲᠤ ᠣᠷᠣᠨ ᠤ ᠬᠤᠪᠢᠶᠠᠷᠢ ᠺᠣᠮᠫᠠᠨᠢ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠤᠮᠠᠷᠠᠲᠤ ᠣᠷᠣᠨ ᠤ ᠬᠤᠪᠢᠶᠠᠷᠢ ᠺᠣᠮᠫᠠᠨᠢ ᠶᠢᠨ ᠪᠠᠯᠠ ᠣᠷᠣᠭᠤᠯᠤᠯᠲᠠ  ᠬᠥᠭᠵᠢᠯᠲᠡ ᠶᠢᠨ ᠬᠡᠯᠲᠡᠰ ᠤᠨ ᠳᠠᠭᠠᠭᠠᠮᠠᠯ ᠡᠤ ᠯᠢᠶᠠᠩ ᠨᠠᠷ ᠵᠢᠴᠢ ᠬᠤᠰᠢᠭᠤ ᠤᠳᠤᠷᠢᠳᠤᠯᠭ᠎ᠠ ᠸᠠᠩ ᠬᠥᠩ᠂ ᠮᠧᠶ ᠶᠤᠸᠠᠨ ᠬᠤᠷᠠᠯ ᠳᠤ ᠣᠷᠣᠯᠴᠠᠵᠠᠶ᠃      ᠬᠤᠷᠠᠯ ᠳᠤ᠂ ᠬᠤᠶᠠᠷ ᠲᠠᠯ᠎ᠠ ᠪᠠᠷ ᠢᠶᠠᠨ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠦᠢᠯᠡᠳᠪᠦᠷᠢᠯᠡᠯ ᠡᠵᠡᠩᠨᠡᠯᠲᠡ᠂ ᠢᠷᠡᠭᠡᠳᠦᠢ ᠶᠢᠨ ᠬᠥᠭᠵᠢᠯᠲᠡ ᠶᠢᠨ ᠬᠦᠰᠡᠯ ᠡᠷᠡᠮᠡᠯᠵᠡᠯ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠵᠡᠢ᠃      ᠸᠠᠩ ᠶᠦᠩ ᠵᠢᠶᠦ᠋ᠨ ᠠᠴᠠ᠂ ᠣᠳᠣᠬᠠᠨ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠠᠭ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠲᠡᠮᠡᠴᠡᠬᠦ ᠬᠠᠷᠠᠯᠲᠠ ᠪᠠᠨ ᠲᠣᠭᠲᠠᠭᠠᠵᠤ᠂ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠪᠠᠷ ᠶᠡᠷᠦᠩᠬᠡᠶ ᠭᠠᠷᠳᠠᠴᠠ ᠪᠤᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠤᠯᠬᠤᠷ᠂ ᠠᠵᠤ ᠠᠬᠤᠶᠢᠯᠠᠯ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠬᠤᠳᠠᠯᠳᠤᠭᠠᠨ ᠤ ᠡᠬᠢ ᠪᠠᠶᠠᠯᠢᠭ ᠡᠯᠪᠡᠭ ᠳᠡᠯᠪᠡᠭ᠂ ᠲᠤᠬᠠᠶᠢᠯᠠᠭᠰᠠᠨ ᠠᠵᠢᠯ ᠤᠨ ᠬᠡᠪᠴᠢᠶ᠎ᠠ ᠥᠷᠭᠡᠨ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠬᠤᠰᠢᠭᠤ ᠶᠢ ᠶᠡᠬᠡᠪᠡᠷ ᠤᠬᠠᠭᠤᠯᠤᠨ᠂ ᠡᠯ᠎ᠡ ᠠᠵᠢᠯ ᠲᠥᠷᠥᠯ ᠤᠨ ᠴᠢᠨᠠᠷ ᠰᠠᠶᠢᠲᠠᠶ ᠠᠵᠤ ᠠᠬᠤᠶᠢᠯᠠᠯ ᠢ ᠲᠡᠳᠡᠨ ᠠᠪᠴᠢᠷᠠᠵᠤ ᠮᠠᠨ ᠤ ᠬᠤᠰᠢᠭᠤᠨ ᠳᠤ ᠢᠷᠡᠵᠦ ᠪᠠᠯᠠ ᠣᠷᠣᠭᠤᠯᠤᠨ ᠦᠢᠯᠡᠰ ᠬᠥᠭᠵᠢᠭᠦᠯᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ᠃ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯ ᠳᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠮᠠᠨ ᠤ ᠬᠤᠰᠢᠭᠤ ᠪᠠᠨ ᠪᠠᠯᠠ ᠣᠷᠣᠭᠤᠯᠤᠯᠲᠠ ᠶᠢᠨ ᠬᠤᠲᠣᠭᠤᠷ ᠭᠠᠵᠠᠷ᠂ ᠬᠥᠭᠵᠢᠯᠲᠡ ᠶᠢᠨ ᠥᠨᠳᠦᠷᠯᠢᠭ ᠭᠠᠵᠠᠷ᠂ ᠦᠢᠯᠡᠰ ᠴᠣᠭᠴᠠᠯᠠᠬᠤ ᠵᠣᠯ ᠵᠢᠷᠭᠠᠯᠲᠤ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ ᠭᠡᠪᠡ᠃      ᠴᠠᠭᠠᠠᠤᠪᠤᠭ᠎ᠠ ᠪᠠᠯᠭᠠᠰᠤ ᠵᠢᠴᠢ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠬᠤᠷᠠᠯ ᠳᠤ ᠤᠷᠤᠯᠴᠠᠪᠠ᠃
 
ᠢᠷᠡᠯᠲᠡ᠄ ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号