ᠮᠠᠨ ᠤ ᠬᠤᠰᠢᠭᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠣᠯ ᠡᠰ ᠤᠨ ᠴᠢᠰᠤᠨ ᠤ ᠦᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
       5 ᠳ᠋ᠤᠭᠠᠷ ᠰᠠᠷ᠎ᠠ ᠶᠢᠨ 8 ᠤ ᠡᠳᠦᠷ ᠪᠣᠯ ︽ᠳᠡᠯᠡᠬᠡᠢ ᠶᠢᠨ 77 ᠳ᠋ᠤᠭᠠᠷ ᠤᠯᠠᠭᠠᠨ ᠵᠠᠯᠠᠮᠠᠭᠠᠶᠢᠲᠠᠨ ᠤ ᠡᠳᠦᠷ︾ ᠪᠣᠯᠬᠤ ᠪᠥᠭᠡᠳ ᠳᠤᠮᠳᠠᠳᠤ ᠤᠯᠤᠰ ᠤᠨ ᠤᠯᠠᠭᠠᠨ ᠵᠠᠯᠠᠮᠠᠭᠠᠶᠢᠲᠠᠨ ᠤ ᠨᠠᠶᠢᠭᠡᠮᠯᠢᠭ ᠪᠠᠢᠭᠤᠯᠤᠭᠳᠠᠭᠰᠠᠨ 120 ᠵᠢᠯ ᠤᠨ ᠣᠢ ᠪᠣᠯᠤᠨ᠎ᠠ᠂ ︽ᠬᠥᠮᠦᠡᠯᠢᠭ ᠶᠣᠰᠣ᠂ ᠲᠦᠭᠡᠮᠡᠯ ᠬᠠᠶᠢᠷ᠎ᠠ᠂ ᠬᠠᠨᠳᠢᠪᠯᠠᠬᠤ︾ ᠤᠯᠠᠭᠠᠨ ᠵᠠᠯᠠᠮᠠᠭᠠᠶᠢᠲᠠᠨ ᠤ ᠵᠣᠷᠢᠭ ᠰᠠᠨᠠᠭ᠎ᠠ ᠶᠢ ᠮᠠᠨᠳᠤᠭᠤᠯᠬᠤ ᠶᠢᠨ ᠲᠤᠰᠠᠲᠠ᠂ ᠮᠠᠨ ᠤ ᠬᠤᠰᠢᠭᠤᠨ ᠤ ᠤᠯᠠᠭᠠᠨ ᠵᠠᠯᠠᠮᠠᠭᠠᠶᠢᠲᠠᠨ ᠤ ᠨᠠᠶᠢᠭᠡᠮᠯᠢᠭ ᠬᠢᠭᠡᠳ ᠰᠢᠯᠢ ᠶᠢᠨ ᠭᠤᠣᠯ ᠠᠶᠢᠮᠠᠭ ᠤᠨ ᠭᠤᠣᠯ ᠴᠢᠰᠤᠨ ᠤ ᠥᠷᠲᠡᠭᠡ ᠬᠠᠮᠲᠤᠷᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠣᠯ ᠡᠰ ᠤᠨ ᠴᠢᠰᠤᠨ ᠤ ᠦᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠨᠠᠶᠢᠭᠡᠮ ᠤᠨ ᠡᠯ᠎ᠡ ᠡᠲᠡᠭᠡᠳ ᠤᠨ ᠬᠢᠨ ᠤ ᠬᠥᠮᠦᠰ ᠢᠳᠡᠪᠬᠢᠲᠡᠢ ᠤᠷᠤᠯᠴᠠᠵᠤ ᠪᠠᠶᠢᠪᠠ᠃        ᠰᠤᠷᠪᠤᠯᠵᠢᠯᠠᠭᠴᠢ ᠲᠤᠬᠠᠶ ᠶᠢᠨ ᠲᠠᠯᠠᠪᠤᠷ ᠲᠤ ᠬᠥᠷᠬᠦ ᠳᠤ ᠡᠮᠴᠢᠯᠡᠭᠡᠨ ᠤ ᠠᠵᠢᠯᠲᠠᠳ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠬᠠᠮᠢᠶ᠎ᠠ ᠪᠥᠬᠦᠶ ᠵᠦᠢᠯᠡᠰ ᠤᠨ ᠲᠤᠬᠠᠶ ᠲᠠᠶᠢᠯᠤᠮᠵᠢ ᠬᠢᠵᠦ᠂ ᠳᠠᠩᠰᠠᠯᠠᠬᠤ᠂ ᠴᠢᠰᠤ ᠪᠠᠶᠢᠴᠠᠭᠠᠬᠤ᠂ ᠬᠦᠰᠦᠨᠦᠭ ᠲᠠᠭᠯᠠᠬᠤ᠂ ᠴᠢᠰᠤᠨ ᠳᠠᠷᠤᠯᠲᠠ ᠶᠢ ᠬᠡᠮᠵᠢᠬᠦ᠂ ᠴᠢᠰᠤ ᠪᠠᠨ ᠬᠠᠨᠳᠢᠪᠯᠠᠬᠤ ᠵᠡᠷᠭᠡ ᠲᠡᠰ ᠲᠠᠷᠠᠭ᠎ᠠ ᠪᠠᠷ ᠠᠮᠤᠷ ᠲᠦᠪᠰᠢᠨ ᠡᠮᠬᠢ ᠵᠢᠷᠤᠮ ᠲᠠᠢ ᠶᠠᠪᠤᠭᠲᠠᠵᠤ ᠪᠠᠶᠢᠯ᠎ᠠ᠃        ᠤᠶᠢᠯᠭᠠᠭᠰᠠᠨ ᠢᠶᠠᠷ᠂ ᠲᠤᠰ ᠤᠲᠠᠭᠠᠨ ᠤ ᠠᠵᠢᠯᠯᠠᠭ᠎ᠠ ᠳᠤ 110 ᠬᠥᠮᠦᠨ 32100 ᠮᠢᠯᠢᠯᠢᠲ᠋ᠧᠷ ᠴᠢᠰᠤ ᠬᠠᠨᠳᠢᠪᠯᠠᠵᠤ᠂ 22 ᠬᠥᠮᠦᠨ ᠨᠢ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠦᠯᠢᠭᠡᠷ ᠴᠤᠭᠯᠠᠭᠤᠯᠬᠤ ᠰᠠᠶᠢᠨ ᠳᠤᠷ᠎ᠠ ᠶᠢᠨ ᠠᠵᠢᠯᠯᠠᠭᠴᠢ ᠪᠤᠯᠵᠤ᠂ ᠮᠠᠨ ᠤ ᠬᠤᠰᠢᠭᠤᠨ ᠤ ᠠᠷᠠᠳ ᠲᠦᠮᠡᠨ ᠤ ᠨᠡᠶᠢᠲᠡ ᠶᠢᠨ ᠠᠰᠠᠷᠠᠮᠵᠢ  ᠶᠢᠨ ᠦᠢᠯᠡᠰ ᠲᠤ ᠬᠤᠪᠢ ᠨᠡᠮᠡᠷᠢ ᠦᠵᠡᠭᠦᠯᠬᠦ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号