5 ᠳ᠋ᠤᠭᠠᠷ ᠰᠠᠷ᠎ᠠ ᠶᠢᠨ 10 ᠤ ᠡᠳᠦᠷ᠂ ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ | ︽ᠠᠯᠪᠠᠨ ᠵᠢᠷᠤᠮ ᠤᠨ ᠮᠣᠳᠣ ᠲᠠᠷᠢᠬᠤ ᠨᠢ ᠭᠤᠷᠪᠠᠨ ᠤᠮᠠᠷᠠᠲᠤ ᠶᠢᠨ ᠪᠣᠭᠤᠮᠲᠠ ᠰᠢᠪᠲᠤᠯᠬᠤ ᠳᠤ ᠬᠦᠴᠦᠨ | ᠨᠡᠮᠡᠷᠢᠯᠡᠬᠦ︾ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠮᠠᠨᠳᠠᠯᠲᠦ ᠪᠠᠯᠭᠠᠰᠤᠨ ᠤ ᠤᠷᠭᠤᠮᠠᠯ ᠤᠨ ᠬᠦᠷᠢᠶᠡᠯᠡᠩ ᠤᠨ ᠬᠤᠶᠢᠲᠤ | ᠲᠠᠯ᠎ᠠ ᠶᠢᠨ ᠮᠣᠳᠣ ᠳᠠᠷᠢᠬᠤ ᠭᠠᠵᠠᠷ ᠲᠤ ᠬᠦᠷᠴᠦ᠂ ᠪᠥᠬᠦ ᠬᠤᠰᠢᠭᠤᠨ ᠤ ᠺᠠᠳ᠋ᠷ ᠠᠵᠢᠯᠲᠠᠨ ᠲᠠᠢ ᠬᠠᠮᠲᠤ ᠠᠯᠪᠠᠨ | ᠵᠢᠷᠤᠮ ᠤᠨ ᠮᠣᠳᠣ ᠳᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠨᠤᠲᠤᠭ ᠤᠰᠤᠨ ᠤ ᠪᠠᠨ ᠪᠥᠲᠥᠭᠡᠨ ᠪᠠᠶᠢᠭᠤᠯᠤᠯᠲᠠ ᠳᠤ ᠰᠢᠨ᠎ᠡ | ᠨᠣᠭᠤᠭᠠᠨ ᠥᠩᠭᠡ ᠨᠡᠮᠡᠷᠢᠯᠡᠪᠡ᠃ | ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠬᠦᠮᠤᠰ ᠬᠤᠷᠠᠨ ᠴᠤᠭᠯᠠᠷᠠᠵᠤ᠂ ᠭᠠᠵᠠᠷ ᠪᠣᠯᠭᠠᠨ ᠳᠤ ᠬᠦᠷ | ᠬᠥᠭᠵᠢᠶᠡᠨ ᠲᠠᠢ ᠪᠠᠶᠢᠳᠠᠯ ᠢᠯᠡᠷᠡᠵᠦ᠂ ᠤᠯᠠᠨ ᠢᠶᠠᠷ ᠢᠶᠠᠨ ᠭᠤᠷᠪᠠ ᠲᠠᠪᠤ ᠪᠠᠷ ᠳᠤᠭᠤᠶᠢᠯᠠᠩ ᠬᠤᠪᠢᠶᠡᠵᠦ᠂ | ᠵᠤᠯᠵᠠᠭ᠎ᠠ ᠮᠣᠳᠣ ᠶᠢ ᠨᠡᠭᠦᠯᠭᠡᠨ᠂ ᠰᠢᠷᠣᠢ ᠬᠢᠵᠦ᠂ ᠰᠢᠨ᠎ᠡ ᠰᠢᠷᠣᠢ ᠭᠢᠰᠬᠢᠵᠦ᠂ ᠵᠤᠯᠵᠠᠭᠠᠨ ᠮᠤᠳᠦ ᠤᠰᠤᠯᠠᠨ᠂ | ᠡᠮᠬᠢ ᠴᠡᠭᠴᠡ ᠲᠠᠢ ᠶᠠᠪᠤᠭᠳᠠᠵᠦ᠂ ᠰᠢᠨ᠎ᠡ ᠪᠠᠷ ᠵᠠᠶᠢᠯᠠᠭᠰᠠᠨ ᠵᠤᠯᠵᠠᠭ᠎ᠠ ᠮᠣᠳᠣ ᠬᠠᠪᠤᠷ ᠤᠨ ᠰᠠᠯᠬᠢᠨ ᠳᠤ ᠰᠡᠬᠦ᠋ᠢᠨ | ᠰᠦᠨᠳᠡᠷᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠮᠣᠳᠣ ᠳᠠᠷᠢᠬᠤ ᠲᠤᠬᠠᠶ ᠶᠢᠨ ᠲᠠᠯᠠᠪᠠᠶ ᠳᠤ᠂ ᠪᠥᠬᠦ | ᠬᠤᠰᠢᠭᠤᠨ ᠤ ᠺᠠᠳ᠋ᠷ ᠠᠵᠢᠯᠲᠠᠨ᠂ ᠵᠠᠯᠠᠭᠤ ᠰᠠᠶᠢᠨ ᠳᠤᠷᠠᠴᠤᠳ ᠨᠡᠶᠢᠲᠡ 300 ᠭᠠᠷᠤᠶ ᠣᠷᠣᠯᠴᠠᠭᠴᠢ᠂ 1000 | ᠰᠠᠭᠤᠷᠢ ᠬᠠᠶᠢᠯᠠᠰᠤᠨ ᠮᠣᠳᠣ ᠳᠠᠷᠢᠵᠤ᠂ ᠰᠢᠨ᠎ᠡ ᠪᠠᠷ ᠨᠡᠮᠡᠭᠳᠡᠭᠰᠡᠨ ᠮᠣᠳᠣ ᠳᠠᠷᠢᠬᠤ ᠲᠠᠯᠠᠪᠠᠶ 12 ᠮᠥ ᠳᠤ ᠬᠦᠷᠴᠠᠢ᠃ | ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠣᠯᠠᠨ ᠲᠦᠮᠡᠨ ᠤ ᠠᠮᠢ ᠠᠬᠤᠶ | ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠢ | ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠪᠣᠯᠪᠠᠰᠤᠨ ᠤ ᠤᠯᠠᠮᠵᠢᠯᠠᠭᠴᠢ᠂ ᠪᠣᠬᠢᠷᠲᠤᠯ ᠥᠬᠡᠶ ᠬᠡᠷ | ᠣᠷᠣᠨ ᠤ ᠪᠥᠲᠥᠭᠡᠨ ᠪᠠᠶᠢᠭᠤᠯᠤᠭᠴᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠳᠦᠯᠭᠡᠵᠢᠭᠦᠯᠦᠭᠴᠢ | ᠪᠣᠯᠭᠠᠬᠤ ᠪᠠᠷ ᠴᠢᠷᠮᠠᠶᠢᠬᠤ ᠪᠥᠭᠡᠳ ᠪᠠᠰᠠ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ | ᠥᠷᠭᠡᠨ ᠣᠯᠠᠨ ᠺᠠᠳ᠋ᠷ ᠣᠯᠠᠨ ᠲᠦᠮᠡᠨ ᠤ ᠴᠤᠭ ᠪᠠᠳᠠᠷᠠᠩᠭᠤᠶ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ | ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ |