ᠮᠠᠨ ᠤ ᠬᠤᠰᠢᠭᠤ ︽ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠤᠨ ᠡᠨᠧᠷᠭᠢ ᠠᠷᠪᠢᠯᠠᠬᠤ ᠪᠣᠭᠤᠮᠲᠠ ᠰᠢᠪᠲᠤᠯᠬᠤ︾ ᠵᠢᠴᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾  ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
      5 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠮᠲᠤᠷᠠᠨ ︽ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠤᠨ ᠡᠨᠧᠷᠭᠢ ᠠᠷᠪᠢᠯᠠᠬᠤ ᠪᠣᠭᠤᠮᠲᠠ ᠰᠢᠪᠲᠤᠯᠬᠤ︾ ᠵᠢᠴᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃       ᠠᠵᠢᠯᠲᠠᠳ ᠣᠯᠠᠨ ᠨᠡᠶᠢᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠡᠯᠭᠦᠭᠡ ᠪᠢᠴᠢᠭᠡᠰᠦ ᠡᠯᠭᠦᠬᠦ᠂ ᠵᠠᠷᠯᠠᠯ ᠨᠠᠭᠠᠬᠤ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ᠤᠨ ᠭᠠᠷ ᠳᠡᠪᠲᠡᠷ᠂ ᠰᠠᠨᠠᠭᠠᠴᠢᠯᠠᠭ᠎ᠠ ᠶᠢᠨ ᠪᠢᠴᠢᠭ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠴᠠᠬᠢᠯᠭᠠᠨ ᠠᠷᠪᠢᠯᠠᠵᠤ ᠤᠰᠤ ᠠᠷᠪᠢᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠠᠮᠤ ᠪᠤᠳᠠᠭ᠎ᠠ ᠶᠢ ᠠᠷᠪᠢᠯᠠᠬᠤ᠂ ᠪᠣᠬᠢᠷᠲᠤᠯ ᠥᠬᠡᠶ ᠶᠠᠪᠤᠵᠤ ᠰᠠᠭᠤᠬᠤ ᠵᠡᠷᠭᠡ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠨ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠠᠯᠪᠠᠯᠠᠬᠤ᠂ ᠪᠣᠬᠢᠷᠲᠤᠯ ᠥᠬᠡᠶ ᠬᠡᠷᠡᠭᠯᠡᠭᠡ ᠶᠢᠨ ᠰᠠᠶᠢᠨ ᠰᠠᠶᠢᠬᠠᠨ ᠵᠠᠩ ᠳᠠᠳᠬᠠᠯ ᠢ ᠪᠣᠶ ᠪᠣᠯᠭᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠤᠬᠠᠮᠰᠠᠷ ᠢ ᠴᠢᠩᠭᠠᠷᠠᠭᠤᠯᠤᠨ᠂ ᠪᠥᠬᠦ ᠠᠷᠠᠳ ᠢᠶᠠᠷ ᠢᠶᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠰᠠᠨᠠᠭᠠᠴᠢᠯᠠᠭᠰᠠᠨ ᠪᠠᠶᠢᠨ᠎ᠠ᠃
 
ᠢᠷᠡᠯᠲᠡ᠄ ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号