ᠳᠠᠯᠠᠢ ᠰᠤᠮᠤᠨ ᠤ ᠪᠠᠶ᠋ᠬᠠᠷᠳᠡᠨᠢ ᠭᠠᠴᠠᠭ᠎ᠠ ︽ᠤᠯᠤᠰ ᠤᠨ ᠲᠤᠭ ᠬᠢᠯᠢ ᠶᠢᠨ ᠪᠤᠭᠤᠮᠲᠠ ᠶᠢ ᠬᠡᠶᠢᠬᠦᠯᠬᠦ︾ ᠭᠤᠤᠯ ᠰᠡᠳᠤᠪᠲᠤ ᠨᠠᠮ ᠤᠨ ᠡᠳᠦᠷ ᠤᠨ ᠬᠦᠳᠡᠯᠬᠡᠬᠡᠨ ᠦᠷᠨᠢᠬᠦᠯᠪᠡ
ᠨᠡᠶᠢᠲᠡᠯᠡᠭᠰᠡᠨ ᠴᠠᠭ᠄
2024/5/24
      ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠤᠨ ᠤᠬᠠᠮᠰᠠᠷ᠂ ᠠᠷᠠᠳ ᠢᠷᠬᠡᠨ ᠤ ᠤᠬᠠᠮᠰᠠᠷ᠂ ᠨᠤᠲᠤᠭ ᠳᠡᠪᠢᠰᠬᠡᠷ ᠤᠨ ᠤᠬᠠᠮᠰᠠᠷ ᠪᠠ ᠤᠯᠤᠰ ᠤᠨ ᠪᠠᠲᠤᠯᠠᠨ ᠬᠠᠮᠭᠠᠯᠠᠯᠲᠠ ᠶᠢᠨ ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠵᠤ᠂ ᠡᠬᠡ ᠤᠷᠤᠨᠴᠢ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠲᠦᠯᠦᠬᠡ᠂ ︽5.1︾ ᠤ ᠳᠡᠯᠡᠬᠡᠢ ᠶᠢᠨ ᠬᠦᠳᠡᠯᠮᠦᠷᠢᠴᠢᠳ ᠤᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ ᠳᠠᠯᠠᠢ ᠰᠤᠮᠤᠨ ᠤ ᠪᠠᠶ᠋ᠬᠠᠷᠳᠡᠨᠢ ᠭᠠᠴᠠᠭ᠎ᠠ ︽ᠤᠯᠤᠰ ᠤᠨ ᠲᠤᠭ ᠬᠢᠯᠢ ᠶᠢᠨ ᠪᠤᠭᠤᠮᠲᠠ ᠶᠢ ᠬᠡᠶᠢᠬᠦᠯᠬᠦ︾ ᠭᠤᠤᠯ ᠰᠡᠳᠤᠪᠲᠤ ᠨᠠᠮ ᠤᠨ ᠡᠳᠦᠷ ᠤᠨ ᠬᠦᠳᠡᠯᠬᠡᠬᠡᠨ ᠦᠷᠨᠢᠬᠦᠯᠪᠡ᠃ ᠭᠠᠴᠠᠭᠠᠨ ᠤ ᠪᠦᠬᠦ ᠨᠠᠮ ᠤᠨ ᠬᠡᠰᠢᠬᠦᠨ ᠬᠦᠳᠡᠯᠬᠡᠬᠡᠨ ᠳᠤ ᠤᠷᠤᠯᠴᠠᠪᠠ᠃       ᠬᠦᠳᠡᠯᠬᠡᠬᠡᠨ ᠳᠤᠮᠳᠠ᠂ ᠨᠢᠭᠤᠷᠳᠠᠨ ᠤᠬᠠᠭᠤᠯᠵᠤ ᠶᠠᠷᠢᠯᠴᠠᠬᠤ᠂ ᠤᠬᠠᠭᠤᠯᠭ᠎ᠠ ᠶᠢᠨ ᠲᠡᠪᠳᠡᠷ ᠲᠠᠷᠬᠠᠭᠠᠬᠤ᠂ ᠬᠦᠨᠳᠡᠯᠡᠨ ᠪᠢᠴᠢᠬᠡᠰᠤ ᠡᠯᠬᠦᠬᠦ ᠵᠡᠷᠭᠡ ᠬᠡᠯᠪᠡᠷᠢ ᠪᠠᠷ ᠳᠠᠮᠵᠢᠭᠤᠯᠤᠨ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠢ ᠶᠢᠨ ᠤᠯᠤᠰ ᠤᠨ ᠵᠠᠭᠠᠭ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠤᠷᠤᠵᠤ ᠭᠠᠷᠬᠤ ᠬᠠᠮᠢᠶᠠᠷᠤᠯᠲᠠ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢ ᠬᠠᠮᠠᠭᠠᠯᠠᠬᠤ ᠬᠠᠤᠯᠢ︾᠂ ︽ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠬᠢᠯᠢ ᠶᠢᠨ ᠬᠠᠮᠢᠶᠠᠷᠤᠯᠲᠠ ᠶᠢᠨ ᠳᠦᠷᠢᠮ︾᠂ ︽ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠪᠤᠯᠤᠨ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠵᠢᠷᠭᠤᠭᠠᠨ ᠢᠵᠢ ᠠᠬᠢᠭᠤᠯᠬᠤ ᠳᠦᠷᠢᠮ ᠵᠡᠷᠬᠡ ᠬᠠᠤᠯᠢ ᠴᠠᠭᠠᠵᠠ ᠬᠠᠤᠯᠢ ᠲᠤᠭᠲᠠᠭᠠᠯ ᠤᠨ ᠤᠬᠠᠭᠤᠯᠭ᠎ᠠ᠂ ᠰᠤᠷᠤᠯᠴᠠᠯᠭ᠎ᠠ ᠬᠦᠮᠦᠵᠢᠯ ᠢ ᠬᠢᠵᠤ᠂ ︽ᠪᠢ ᠤᠯᠤᠰ ᠤᠨ ᠲᠤᠭ ᠲᠠᠢ ᠬᠠᠮᠲᠤ ᠰᠡᠭᠦᠳᠡᠷ ᠲᠠᠲᠠᠬᠤ︾ ᠰᠢᠷᠢᠰ ᠭᠤᠤᠯ ᠰᠡᠳᠤᠪᠲᠤ ᠬᠦᠳᠡᠯᠬᠡᠬᠡᠨ ᠦᠷᠨᠢᠬᠦᠯᠦᠨ᠂ ᠡᠬᠡ ᠤᠯᠤᠰ ᠤᠨ ᠤᠮᠠᠷᠠᠲᠤ ᠬᠢᠯᠢ  ᠶᠢᠨ ᠠᠮᠤᠷ ᠲᠤᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠵᠠᠢ᠃       ᠳᠠᠷᠠᠭᠠᠴᠢ ᠶᠢᠨ ᠠᠯᠬᠤᠮ ᠳᠤ᠂ ᠳᠠᠯᠠᠢ ᠰᠤᠮᠤᠨ ᠤ ᠪᠠᠶ᠋ᠬᠠᠷᠳᠡᠨᠢ ᠭᠠᠴᠠᠭ᠎ᠠ ︽ᠤᠯᠤᠰ ᠤᠨ ᠲᠤᠭ ᠬᠢᠯᠢ  ᠶᠢᠨ ᠪᠤᠭᠤᠮᠲᠠ ᠶᠢ ᠬᠡᠶᠢᠬᠦᠯᠬᠦ︾ ᠠᠵᠢᠯᠯᠠᠭ᠎ᠠ ᠪᠠᠷ ᠠᠵᠠ ᠲᠤᠬᠢᠶᠠᠯ ᠪᠤᠯᠭᠠᠬᠤ ᠶᠢ ᠪᠠᠷᠢᠮᠲᠠᠯᠠᠵᠤ᠂ ᠦᠨᠳᠦᠰᠦᠲᠡᠨ  ᠨᠦᠭᠦᠳ ᠤᠨ ᠤᠯᠠᠨ ᠲᠦᠮᠡᠨ ᠢ ᠬᠦᠲᠦᠯᠦᠨ ᠵᠢᠯᠤᠭᠤᠳᠴᠤ ᠬᠢᠯᠢ ᠬᠢᠵᠠᠭᠠᠷ ᠢ ᠰᠠᠬᠢᠬᠤ᠂ ᠬᠢᠯᠢ ᠬᠢᠵᠠᠭᠠᠷ ᠢ ᠬᠠᠮᠠᠭᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠬᠡ ᠶᠢ ᠪᠠᠲᠤ ᠪᠠᠬᠢ ᠪᠤᠢ ᠪᠤᠯᠭᠠᠨ᠂ ᠬᠢᠯᠢ ᠬᠢᠵᠠᠭᠠᠷ ᠤᠨ ᠠᠮᠤᠷ ᠲᠤᠭᠲᠠᠭᠤᠨ ᠢ ᠬᠠᠮᠠᠭᠠᠯᠠᠵᠤ᠂ ᠬᠢᠯᠢ ᠬᠢᠵᠠᠭᠠᠷ ᠤᠷᠤᠨ ᠤ ᠠᠵᠤ ᠠᠬᠤᠢ ᠶᠢᠨ ᠬᠦᠭᠵᠢᠯᠲᠡ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃       ᠬᠦᠳᠡᠯᠬᠡᠬᠡᠨ ᠳᠤ ᠪᠠᠰᠠ ᠠᠮᠢᠨ ᠬᠡᠷᠡᠭ ᠤᠨ ᠰᠡᠷᠭᠡᠶᠢᠯᠡᠨ ᠡᠵᠡᠮᠳᠡᠬᠦ᠂ ᠮᠡᠬᠡᠯᠡᠯ ᠢ ᠡᠰᠡᠷᠭᠦᠴᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠠᠨᠠᠭᠠᠨ ᠳᠤ ᠦᠬᠡᠢ ᠬᠡᠮᠲᠦᠯ ᠤᠨ ᠳᠠᠭᠠᠳᠬᠠᠯ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠡᠬᠦ ᠵᠡᠷᠬᠡ ᠬᠠᠮᠢᠶ᠎ᠠ ᠪᠦᠬᠦᠢ ᠠᠷᠠᠳ ᠲᠤ ᠠᠰᠢᠭ ᠬᠦᠷᠲᠡᠬᠡᠬᠦ ᠲᠦᠷᠦ ᠶᠢᠨ ᠪᠤᠳᠤᠯᠭ᠎ᠠ ᠶᠢ ᠤᠬᠠᠭᠤᠯᠪᠠ᠃
 
ᠢᠷᠡᠯᠲᠡ᠄ ᠳᠠᠯᠠᠢ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号