ᠰᠤᠷᠭᠠᠨ ᠬᠥᠮᠦᠵᠢᠯ ᠤᠨ ᠶᠠᠮᠤᠨ᠄ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶ᠎ᠡ ᠳᠤ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2024/6/11
    ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠳᠤ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 ᠬᠢᠴᠢᠶᠡᠯ ᠤᠨ ᠴᠠᠭ ᠠᠴᠠ ᠳᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠡᠯ᠎ᠡ ᠰᠤᠷᠭᠠᠭᠤᠯᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠳᠦᠷ ᠲᠤᠲᠤᠮ ᠤᠨ ᠰᠤᠷᠭᠠᠨ ᠬᠥᠮᠦᠵᠢᠯ ᠪᠣᠯᠣᠨ ᠲᠥᠪᠯᠡᠷᠡᠩᠭᠦᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠣᠨ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠶᠢᠨ ᠲᠣᠲᠣᠷᠠᠬᠢ ᠰᠤᠷᠭᠠᠨ ᠬᠥᠮᠦᠵᠢᠯ ᠪᠣᠯᠣᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠦᠨᠳᠦᠰᠦᠨ ᠬᠠᠤᠯᠢ ᠶᠢᠨ ᠬᠥᠮᠦᠵᠢᠯ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠳᠦᠷ ᠲᠤᠳᠤᠮ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠦᠢᠯᠡᠳᠦᠯᠭᠡ ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号