ᠣᠳᠣᠬᠠᠨ ᠳᠤ ᠶᠠᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠪᠠ᠂ ᠵᠠᠷᠢᠮ ᠬᠠᠤᠯᠢ ᠪᠤᠰᠤ ᠡᠲᠡᠭᠡᠳ ᠠᠵᠢᠯᠲᠠᠨ ᠡᠯᠰᠡᠬᠦ ᠨᠡᠷ᠎ᠡ ᠪᠠᠷ ︽ᠨᠦᠬᠡ︾ | ᠮᠠᠯᠲᠠᠵᠤ᠂ ᠡᠳ᠋ ᠮᠥᠩᠭᠦ ᠮᠡᠬᠡᠯᠡᠨ ᠠᠪᠬᠤ᠂ ᠮᠡᠳᠡᠭᠡ ᠵᠠᠩᠭᠢ ᠶᠢ ᠬᠤᠯᠠᠭᠠᠶᠢᠯᠠᠨ ᠬᠡᠷᠡᠭᠯᠡᠬᠦ᠂ ᠥᠳᠥᠭᠡᠨ ᠪᠠᠶᠢᠵᠤ | ᠶᠠᠯ᠎ᠠ ᠬᠢᠯᠭᠡᠬᠦ ᠵᠡᠷᠭᠡ ᠦᠵᠡᠭᠳᠡᠯ ᠪᠠᠶᠢᠨ ᠳᠠᠬᠢᠨ ᠭᠠᠷᠴᠤ᠂ ᠲᠡᠭᠦᠰᠬᠦ ᠣᠶᠤᠲᠠᠳ ᠤᠨ ᠠᠵᠢᠯ ᠣᠯᠬᠤ ᠡᠷᠬᠡ ᠠᠰᠢᠭ ᠢ | ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ 5 ᠰᠠᠷ᠎ᠠ ᠶᠢᠨ 21 ᠤ ᠡᠳᠦᠷ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ᠄ ᠬᠠᠤᠯᠢ ᠪᠤᠰᠤ ᠠᠵᠢᠯ ᠮᠡᠷᠭᠡᠵᠢᠯ ᠤᠨ ᠵᠠᠭᠤᠴᠢ ᠶᠢᠨ ᠭᠠᠷᠭᠠᠭᠰᠠᠨ | ᠤᠨᠠᠭᠤᠯᠢ ᠠᠴᠠ ᠰᠠᠶᠢᠲᠤᠷ ᠬᠢᠴᠢᠶᠡᠵᠦ᠂ ᠠᠵᠢᠯᠲᠠᠨ ᠡᠯᠰᠡᠬᠦ ᠰᠦᠢᠳᠬᠡᠯ ᠬᠤᠷᠢᠶᠠᠬᠤ ᠤᠨᠠᠭᠤᠯᠢ ᠶᠢ ᠰᠠᠶᠢᠲᠤᠷ | ᠰᠡᠷᠭᠡᠶᠢᠯᠡᠵᠦ᠂ ᠠᠵᠢᠯᠲᠠᠨ ᠡᠯᠰᠡᠬᠦ ᠮᠡᠬᠡᠯᠡᠯ ᠤᠨ ᠤᠨᠠᠭᠤᠯᠢ ᠠᠴᠠ ᠰᠠᠶᠢᠲᠤᠷ ᠬᠢᠴᠢᠶᠡᠵᠦ᠂ ︽ᠮᠡᠬᠡᠯᠡᠯ︾ ᠤᠨ | ᠭᠡᠷ᠎ᠡ ᠶᠢᠨ ᠤᠨᠠᠭᠤᠯᠢ ᠶᠢ ᠰᠠᠶᠢᠲᠤᠷ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ | ᠡᠭᠦᠨ ᠤ ᠬᠠᠮᠲᠤ᠂ ᠰᠤᠷᠭᠠᠨ ᠬᠥᠮᠦᠵᠢᠯ ᠤᠨ ᠶᠠᠮᠤᠨ ᠠᠴᠠ ᠥᠷᠭᠡᠨ ᠣᠯᠠᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ︽ᠠᠵᠢᠯ ᠡᠷᠢᠬᠦ | ᠳᠥᠲᠡ ᠵᠠᠮ︾ ᠢᠶᠠᠷ ᠶᠠᠪᠤᠬᠤ ᠦᠭᠡᠢ ᠪᠠᠶᠢᠵᠤ᠂ ᠳᠠᠯᠳᠠ ᠪᠠᠶᠢᠭ᠎ᠠ ︽ᠥᠨᠳᠥᠷ ᠴᠠᠯᠢᠩ ᠤᠨ ᠮᠡᠬᠡᠯᠡᠯ︾ ᠢ | ᠰᠡᠷᠡᠮᠵᠢᠯᠡᠬᠦ ᠬᠡᠷᠡᠭᠲᠡᠢ︔ ᠮᠡᠳᠡᠭᠡ ᠵᠠᠩᠭᠢ ᠶᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠵᠢᠩᠬᠢᠨᠢ | ᠠᠷᠭ᠎ᠠ ᠵᠠᠮ ᠢᠶᠠᠷ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠯᠵᠤ᠂ ᠣᠯᠠᠨ ᠠᠷᠭ᠎ᠠ ᠵᠠᠮ ᠢᠶᠠᠷ ᠢᠯᠭᠠᠨ | ᠲᠣᠳᠣᠯᠠᠵᠤ᠂ ᠰᠣᠬᠤᠷ ᠪᠠᠯᠠᠢ ᠪᠠᠷ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠦᠭᠡᠢ︔ ᠬᠠᠤᠯᠢ ᠶᠣᠰᠣᠭᠠᠷ | ᠡᠷᠬᠡ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠡᠷᠢᠵᠦ ᠠᠵᠢᠯ ᠣᠯᠬᠤ ᠲᠤᠬᠠᠢ ᠬᠤᠯᠪᠣᠭᠳᠠᠯ | ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠰᠤᠷᠤᠯᠴᠠᠵᠤ᠂ ᠬᠠᠤᠯᠢ | ᠴᠠᠭᠠᠵᠠ ᠪᠠᠷ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠰᠤᠷᠬᠤ ᠬᠡᠷᠡᠭᠲᠡᠢ ᠭᠡᠵᠦ ᠰᠠᠨᠠᠭᠤᠯᠵᠠᠢ᠃ | |