ᠱᠤᠸᠠᠩ ᠪᠦᠦ ᠾᠧᠪᠸᠢ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2024/6/13
    6 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ ᠪᠦᠯᠬᠦᠮ ᠳᠠᠭᠠᠭᠤᠯᠤᠨ ᠾᠧᠪᠧᠶ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠤᠷᠤᠭᠤᠯᠬᠤ ᠠᠵᠢᠯ ᠤᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠤ᠂ ᠴᠢᠭᠤᠯᠤᠯᠲᠤ ᠬᠠᠭᠠᠯᠭ᠎ᠠ ᠶᠢᠨ ᠶᠤᠸᠠᠨ ᠱᠧᠩ 远盛 ᠪᠦᠯᠦᠭᠯᠡᠯ ᠤᠨ ᠺᠣᠮᠫᠠᠨᠢ ᠲᠠᠢ ᠶᠠᠷᠢᠯᠴᠠᠨ ᠵᠣᠯᠭᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠬᠡᠷᠡᠭᠵᠢᠭᠦᠯᠦᠯᠲᠡ ᠵᠢᠴᠢ ᠠᠷᠠᠯᠵᠢᠶᠠᠴᠢᠨ ᠤᠷᠢᠬᠤ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠵᠡᠷᠭᠡ ᠲᠠᠯ᠎ᠠ ᠪᠠᠷ ᠵᠥᠪᠲᠡᠯᠴᠡᠭᠰᠡᠨ ᠪᠠᠶᠢᠨ᠎ᠠ᠃
        ᠱᠤᠸᠠᠩ ᠪᠦᠦ ᠠᠴᠠ᠂ ᠣᠳᠣᠬᠠᠨ ᠳᠤ᠂ ᠰᠥᠨᠢᠳ ᠵᠡᠭᠦᠨ ᠬᠤᠰᠢᠭᠤ ᠶᠠᠭ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠳᠠᠭᠠᠨ ᠲᠦᠰᠢᠭᠯᠡᠨ᠂ ᠰᠢᠨ᠎ᠡ ᠨᠢᠭᠡ ᠡᠭᠡᠯᠵᠢ ᠶᠢᠨ ᠠᠭᠤᠷᠬᠠᠶ ᠶᠢ ᠡᠷᠢᠵᠦ ᠰᠢᠪᠲᠤᠯᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ ᠪᠠᠶᠢᠨ᠎ᠠ᠃ ᠠᠵᠤ ᠠᠬᠤᠶᠢᠯᠠᠯ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠤᠯᠪᠣᠭᠳᠠᠯ ᠪᠦᠬᠦᠢ ᠲᠦᠷᠦᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠢ ᠰᠠᠶᠢᠲᠤᠷ ᠬᠢᠵᠦ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ ᠪᠠ ᠤᠶᠤᠨᠴᠢᠯᠠᠨ ᠨᠡᠭᠡᠭᠡᠨ ᠬᠥᠭᠵᠢᠭᠦᠯᠬᠦ ᠶᠢᠨ ᠲᠣᠭᠤᠷᠢᠨ ᠳᠤ ᠵᠢᠱᠢᠶ᠎ᠡ ᠦᠵᠡᠭᠦᠯᠬᠦ ᠠᠭᠤᠷᠬᠠᠢ ᠶᠢᠨ ᠠᠵᠤ ᠠᠬᠤᠶᠢᠯᠠᠯ ᠢ ᠪᠤᠢ ᠪᠣᠯᠭᠠᠬᠤ ᠶᠢ ᠬᠦᠰᠡᠵᠦ ᠪᠠᠶᠢᠨ᠎ᠠ᠃ ᠮᠠᠨ ᠤ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠣᠬᠢᠴᠠᠭᠤᠯᠬᠤ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠰᠠᠨ ᠪᠠᠶᠢᠨ᠎ᠠ᠃    ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ᠂ ᠰᠥᠨᠢᠳ ᠵᠡᠭᠦᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠠ ᠣᠨᠴᠠᠯᠢᠭ ᠲᠣᠪᠤᠶᠢᠮ᠎ᠠ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠴᠢᠩᠭ᠎ᠠ᠂ ᠠᠯᠤᠰ ᠬᠡᠲᠦ ᠶᠢᠨ ᠲᠥᠯᠥᠪ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯ ᠰᠥᠨᠢᠳ ᠵᠡᠭᠦᠨ ᠬᠤᠰᠢᠭᠤ ᠲᠠᠢ ᠨᠢᠭᠲᠠ ᠬᠠᠷᠢᠯᠴᠠᠵᠤ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠪᠡ᠃    ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠯᠢ ᠴᠢᠶᠠᠩ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠯᠲᠠ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号