ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ | ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ | ᠲᠤᠤᠱᠯᠠᠭᠤᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ᠂ ᠤᠯᠠᠨ ᠨᠡᠶᠢᠲᠡ ᠶᠢᠨ ᠦᠢᠯᠡᠴᠢᠯᠡᠬᠡᠨ ᠤ | ᠲᠤᠭᠲᠠᠯᠴᠠᠭ᠎ᠠ ᠶᠢ ᠠᠬᠢᠭᠤᠯᠬᠤ ᠵᠤᠷᠢᠯᠭ᠎ᠠ ᠠᠴᠠ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ᠂ ᠰᠢᠯᠢ ᠶᠢᠨ ᠭᠤᠤᠯ | ᠠᠶᠢᠮᠠᠭ ᠤᠨ ᠳᠦᠷᠪᠡᠳᠡᠬᠢ ᠤᠳᠠᠭᠠᠨ ᠤ ︽ᠤᠷᠠᠯᠢᠭ ᠤᠨ ᠳᠡᠪᠵᠢᠶ᠎ᠡ︾ ᠤᠷᠠᠯᠢᠭᠴᠢᠳ ᠤᠨ ᠪᠦᠬᠡ ᠶᠢᠨ ᠨᠠᠭᠠᠳᠤᠮ | 6 ᠰᠠᠷ᠎ᠠ ᠶᠢᠨ 9 ᠤ ᠡᠳᠦᠷ ᠰᠦᠨᠢᠳ ᠵᠡᠬᠦᠨ ᠬᠤᠰᠢᠭᠤᠨ ᠳᠤ ᠠᠮᠵᠢᠯᠲᠠ ᠲᠠᠢ ᠶᠠᠪᠤᠭᠳᠠᠯ᠎ᠠ᠃ | | | ᠲᠤᠰ ᠨᠠᠭᠠᠳᠤᠮ ᠳᠤ ᠪᠦᠬᠦ ᠠᠶᠢᠮᠠᠭ ᠤᠨ ᠡᠯ᠎ᠡ ᠬᠤᠰᠢᠭᠤ ᠠᠴᠠ ᠬᠦᠷᠦᠯᠴᠡᠨ ᠢᠷᠡᠭᠰᠡᠨ 128 ᠨᠡᠷ᠎ᠡ | ᠤᠷᠠᠯᠢᠭᠴᠢᠨ ᠪᠦᠬᠡ ᠵᠤᠳᠤᠭᠯᠠᠨ᠂ ᠮᠦᠨᠴᠤ ᠤᠷᠠᠯᠢᠭᠴᠢᠳ ᠨᠠᠷ ᠠᠬᠤᠢ ᠲᠠᠯᠠᠪᠠᠢ ᠳᠤ ᠤᠶᠠᠩᠭᠠᠲᠤ ᠬᠤᠭᠤᠷ ᠢᠶᠠᠨ | ᠬᠦᠭᠯᠡᠨ᠂ ᠡᠬᠡᠰᠢᠭᠲᠦ ᠳᠠᠭᠤᠤ ᠪᠠᠨ ᠦᠵᠡᠭᠴᠢ ᠲᠦᠮᠡᠨ ᠳᠤ ᠪᠠᠨ ᠬᠦᠷᠬᠡᠵᠤ᠂ ᠤᠷᠠᠯᠢᠭ ᠰᠤᠶᠤᠯ ᠲᠠᠮᠢᠷ ᠢᠶᠠᠷ ᠢᠶᠠᠨ | ᠤᠯᠠᠨ ᠲᠦᠮᠡᠨ ᠢᠶᠠᠨ ᠪᠶᠠᠰᠬᠠᠭᠰᠠᠨ ᠰᠠᠶᠢᠬᠠᠨ ᠨᠠᠶᠢᠷ ᠪᠤᠯᠤᠭᠰᠠᠨ ᠪᠠᠶᠢᠨ᠎ᠠ᠃ | | | ᠪᠦᠬᠡ ᠶᠢᠨ ᠪᠠᠷᠢᠯᠳᠤᠭᠠᠨ ᠳᠤ ᠬᠦᠪᠡᠬᠡᠲᠤ ᠰᠢᠷ᠎ᠠ ᠬᠤᠰᠢᠭᠤᠨ ᠤ ᠨᠠᠷᠠᠨᠳᠤᠩᠭᠠᠯᠠᠭ ᠲᠡᠷᠢᠬᠦᠯᠡᠵᠤ᠂ ᠰᠢᠯᠤᠭᠤᠨ | ᠬᠦᠪᠡᠭᠡᠲᠤ ᠴᠠᠭᠠᠨ ᠬᠤᠰᠢᠭᠤᠨ ᠤ ᠭᠠᠷᠤᠳᠢ ᠳᠡᠳ᠋ᠯᠡᠵᠤ᠂ ᠰᠦᠨᠢᠳ ᠵᠡᠬᠦᠨ ᠬᠤᠰᠢᠭᠤᠨ ᠤ ᠳᠡᠭᠵᠢᠷᠡᠬᠦ ᠳᠦᠷᠪᠡᠳᠤᠭᠡᠷ | ᠲᠤ ᠲᠤᠲᠤᠷᠠᠪᠠ᠃ |