ᠪᠠᠶ᠋ᠬᠠᠭᠤᠯᠠ ᠰᠤᠮᠤ 2024 ᠤᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠯᠲᠡ ᠬᠢᠵᠤ ᠲᠦᠪᠯᠡᠷᠡᠭᠦᠯᠦᠨ ᠪᠠᠶᠢᠴᠠᠭᠠᠬᠤ ᠠᠵᠢᠯ ᠢ ᠦᠷᠨᠢᠬᠦᠯᠪᠡ
ᠨᠡᠶᠢᠲᠡᠯᠡᠭᠰᠡᠨ ᠴᠠᠭ᠄
2024/6/18
      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠬᠡᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠶᠢ ᠪᠦᠬᠦ ᠲᠠᠯ᠎ᠠ ᠪᠠᠷ ᠪᠠᠬᠢᠵᠢᠬᠦᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠤᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠤᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠷᠬᠦᠯᠵᠢᠯᠡᠨ ᠠᠬᠢᠭᠤᠯᠬᠤ ᠶᠢᠨ ᠲᠦᠯᠦᠬᠡ᠂ ᠤᠶᠢᠷ᠎ᠠ ᠶᠢᠨ ᠡᠳᠦᠷ᠂ ᠪᠠᠶ᠋ᠬᠠᠭᠤᠯᠠ ᠰᠤᠮᠤ 2024 ᠤᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠢᠨᠠᠨ ᠬᠡᠮᠵᠢᠯᠲᠡ ᠪᠠᠷ ᠬᠠᠪᠰᠤᠷᠤᠨ ᠲᠡᠳᠭᠦᠵᠤ ᠲᠦᠪᠯᠡᠷᠡᠭᠦᠯᠦᠨ ᠪᠠᠶᠢᠴᠠᠭᠠᠬᠤ ᠠᠵᠢᠯ ᠢ ᠯᠠᠪᠳᠠᠭᠤᠨ ᠢᠶᠠᠷ ᠦᠷᠨᠢᠬᠦᠯᠪᠡ᠃       ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠯᠲᠡ ᠬᠢᠵᠤ ᠲᠦᠪᠯᠡᠷᠡᠭᠦᠯᠦᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠤᠰᠤᠭᠠᠷ᠂ ᠳᠠᠬᠢᠨ ᠶᠠᠳᠠᠭᠤᠷᠠᠬᠤ ᠶᠢ ᠰᠡᠷᠭᠡᠶᠢᠯᠡᠵᠤ ᠬᠢᠨᠠᠨ ᠬᠡᠮᠵᠢᠯᠲᠡ ᠬᠢᠵᠤ᠂ ᠲᠦᠪᠯᠡᠷᠡᠬᠦᠯᠦᠨ ᠪᠠᠶᠢᠴᠠᠭᠠᠬᠤ ᠠᠵᠢᠯ ᠢ ᠳᠠᠷᠤᠢ ᠲᠦᠷᠬᠡᠨ ᠲᠤᠬᠢᠷᠠᠭᠤᠯᠤᠨ ᠪᠠᠶᠢᠷᠢᠯᠠᠭᠤᠯᠵᠤ᠂ ᠬᠠᠷᠠᠯᠲᠠ ᠡᠬᠦᠷᠬᠡ᠂ ᠵᠢᠭᠰᠠᠭᠠᠨ ᠪᠠᠶᠢᠴᠠᠭᠠᠬᠤ ᠠᠭᠤᠯᠭ᠎ᠠ᠂ ᠠᠵᠢᠯ ᠤᠨ ᠴᠠᠭ ᠤᠨ ᠬᠤᠭᠤᠴᠠᠭ᠎ᠠ ᠪᠠ ᠠᠵᠢᠯ ᠤᠨ ᠱᠠᠭᠠᠷᠳᠠᠯᠭ᠎ᠠ ᠶᠢ ᠲᠤᠲᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ  ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠂ ᠬᠠᠮᠳᠤᠷᠠᠯ ᠬᠦᠴᠦᠨ ᠤ ᠪᠦᠷᠢᠯᠳᠦᠬᠦ ᠶᠢ ᠠᠬᠢᠭᠤᠯᠵᠤ᠂ ᠵᠢᠭᠰᠠᠭᠠᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠦᠷᠨᠢᠬᠦᠯᠬᠦ ᠶᠢ ᠦᠨᠡᠨ ᠬᠦ ᠪᠠᠲᠤᠯᠠᠪᠠ᠃       ᠡᠯ᠎ᠡ ᠭᠠᠴᠠᠭᠠᠨ ᠤ ᠨᠢᠭᠡᠳᠤᠭᠡᠷ ᠱᠦᠵᠢ᠂ ᠳᠠᠭᠠᠭᠠᠴᠢᠯᠠᠨ ᠬᠠᠷᠢᠯᠴᠠᠬᠤ ᠺᠠᠲᠠᠷ᠂ ᠭᠠᠴᠠᠭᠠᠨ ᠤ ︽ᠬᠤᠶᠠᠷ ᠵᠦᠪᠯᠡᠯ︾ ᠤᠨ ᠬᠡᠰᠢᠬᠦᠳ ᠬᠠᠮᠲᠤᠷᠠᠨ᠂ ᠳᠤᠭᠤᠶᠢᠯᠠᠩ ᠬᠤᠪᠢᠶᠠᠨ ᠡᠷᠦᠬᠡ ᠳᠠᠷᠠᠭᠠᠯᠠᠨ ᠬᠦᠨᠵᠡᠬᠡᠶᠢᠷᠡᠨ ᠪᠠᠶᠢᠳᠠᠯ ᠢ ᠤᠶᠢᠯᠠᠭᠠᠵᠤ᠂ ᠮᠠᠯᠴᠢᠨ ᠡᠷᠦᠬᠡ ᠶᠢᠨ ᠤᠷᠤᠯᠭ᠎ᠠ ᠵᠠᠷᠤᠯᠭ᠎ᠠ᠂ ᠡᠷᠡᠬᠦᠯ ᠮᠠᠨᠳᠤ ᠶᠢᠨ ᠪᠠᠶᠢᠳᠠᠯ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠳᠦᠪᠰᠢᠨ᠂ ᠦᠬᠡᠷ ᠬᠤᠨᠢᠨ ᠤ ᠦᠨ᠎ᠡ ᠬᠠᠩᠰᠢ᠂ ᠡᠪᠡᠰᠤ ᠪᠤᠷᠳᠤᠭ᠎ᠠ ᠨᠦᠬᠡᠴᠡᠯᠡᠭᠰᠡᠨ ᠪᠠᠶᠢᠳᠠᠯ ᠵᠡᠷᠭᠡ ᠢ ᠬᠦᠨᠵᠡᠬᠡᠢ ᠤᠶᠢᠯᠠᠭᠠᠪᠠ᠃
 
ᠢᠷᠡᠯᠲᠡ᠄ ᠪᠠᠶ᠋ᠬᠠᠭᠤᠯᠠ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号