5 ᠰᠠᠷ᠎ᠠ ᠶᠢᠨ 18 ᠤ ᠡᠳᠦᠷ᠂ ᠳᠠᠯᠠᠢ ᠰᠤᠮᠤᠨ ᠤ ᠪᠠᠶ᠋ᠬᠠᠷᠳᠡᠨᠢ ᠭᠠᠴᠠᠭ᠎ᠠ ᠮᠠᠯᠴᠢᠨ ᠲᠦᠯᠦᠬᠡᠯᠡᠭᠴᠢᠳ ᠤᠨ | ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠢ ᠭᠠᠴᠠᠭᠠᠨ ᠤ ᠨᠠᠮ ᠤᠨ ᠡᠬᠦᠷ ᠤᠨ ᠱᠦᠵᠢ᠂ ᠠᠷᠠᠳ ᠤᠨ ᠵᠦᠪᠯᠡᠯ | ᠤᠨ ᠡᠷᠬᠢᠯᠡᠭᠴᠢ ᠪᠦᠬᠡ ᠠᠴᠠ ᠡᠷᠬᠢᠯᠡᠵᠤ᠂ ᠳᠠᠯᠠᠢ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠬᠦᠨ᠂ | ᠭᠠᠴᠠᠭᠠᠨ ᠤ ᠨᠢᠬᠡᠳᠤᠭᠡᠷ ᠱᠦᠵᠢ᠂ ᠭᠠᠴᠠᠭ᠎ᠠ ᠬᠠᠷᠢᠴᠠᠵᠤ ᠪᠠᠶᠢᠭ᠎ᠠ ᠺᠠᠳ᠋ᠷ ᠪᠤᠯᠤᠨ ᠭᠠᠴᠠᠭᠠᠨ ᠤ ︽ᠭᠤᠷᠪᠠᠨ | ᠵᠦᠪᠯᠡᠯ︾ ᠤᠨ ᠪᠦᠷᠢᠯᠳᠦᠬᠦᠨ ᠵᠢᠴᠢ ᠪᠦᠬᠦ ᠮᠠᠯᠴᠢᠨ ᠲᠦᠯᠦᠬᠡᠯᠡᠭᠴᠢᠳ ᠬᠤᠷᠠᠯ ᠳᠤ ᠤᠷᠤᠯᠴᠠᠵᠠᠢ᠃ ᠬᠤᠰᠢᠭᠤ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠃ | ᠬᠤᠷᠠᠯ ᠳᠡᠭᠡᠷ᠎ᠡ᠂ ᠨᠠᠮ ᠤᠨ ᠡᠬᠦᠷ ᠤᠨ ᠱᠦᠵᠢ ᠪᠦᠬᠡ ᠠᠴᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ | ᠤᠷᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠦᠭᠬᠦ ᠳᠦᠷᠢᠮ︾ ᠢ | ᠬᠠᠮᠲᠤ ᠪᠠᠷ ᠰᠤᠷᠤᠯᠴᠠᠵᠤ᠂ ᠳᠠᠷᠠᠭ᠎ᠠ ᠨᠢ᠂ ᠦᠨᠳᠦᠰᠦᠨ ᠱᠠᠲᠤᠨ ᠤ ᠨᠠᠶᠢᠬᠡᠮ ᠤᠨ ᠵᠠᠰᠠᠯᠲᠠ᠂ ᠭᠠᠴᠠᠭᠠᠨ ᠤ | ︽ᠭᠤᠷᠪᠠᠨ ᠶᠠᠪᠤᠳᠠᠯ ᠢ ᠢᠯᠡ ᠪᠤᠯᠭᠠᠬᠤ︾ ᠠᠵᠢᠯ᠂ ᠬᠠᠮᠲᠤ ᠶᠢᠨ ᠠᠵᠤ ᠠᠬᠤᠢ ᠶᠢᠨ ᠤᠷᠤᠯᠭ᠎ᠠ ᠵᠠᠷᠤᠯᠭ᠎ᠠ ᠶᠢᠨ | ᠠᠰᠢᠭᠯᠠᠯᠲᠠ ᠵᠡᠷᠬᠡ ᠪᠠᠶᠢᠳᠠᠯ ᠢ ᠵᠠᠷᠯᠠᠨ ᠮᠡᠳᠡᠭᠳᠡᠵᠤ᠂ ᠡᠬᠦᠨ ᠤ ᠬᠠᠮᠲᠤ᠂ ᠮᠠᠯᠴᠢᠨ ᠲᠦᠯᠦᠬᠡᠯᠡᠭᠴᠢᠳ ᠠᠴᠠ ᠬᠤᠷᠠᠯ | ᠳᠤ ᠤᠷᠤᠯᠴᠠᠵᠤ ᠬᠡᠷᠡᠭ ᠵᠦᠪᠯᠡᠬᠦ ᠦᠢᠯᠡᠳᠤᠯ ᠢᠶᠠᠨ ᠦᠨᠡᠨᠬᠦ ᠪᠠᠳᠠᠷᠠᠭᠤᠯᠵᠤ᠂ ᠠᠷᠠᠳᠴᠢᠯᠠᠯ ᠢᠶᠠᠷ ᠰᠢᠢᠳᠪᠤᠷᠢᠲᠤ | ᠪᠤᠳᠤᠯᠭ᠎ᠠ ᠲᠤᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ | ᠵᠠᠷᠴᠢᠮ ᠢ ᠪᠤᠲᠠᠲᠠᠢ ᠳᠤ ᠨᠠᠶᠢᠳᠠᠪᠤᠷᠢᠵᠢᠭᠤᠯᠤᠨ᠂ ᠭᠠᠴᠠᠭᠠᠨ ᠤ ᠡᠯ᠎ᠡ ᠲᠦᠷᠦᠯ ᠤᠨ ᠠᠵᠢᠯ ᠴᠢᠨᠠᠷ ᠰᠠᠶᠢᠲᠠᠢ | ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶᠠᠨ ᠤ | ᠠᠵᠢᠯᠲᠠᠳ ᠠᠴᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ᠂ ᠠᠵᠢᠯ ᠤᠯᠭᠤᠯᠲᠠ ᠵᠡᠷᠭᠡ ᠨᠡᠶᠢᠬᠡᠮ ᠤᠨ ᠳᠠᠭᠠᠳᠬᠠᠯ ᠤᠨ ᠦᠢᠯᠡᠰ ᠤᠨ ᠲᠠᠯ᠎ᠠ ᠪᠠᠷ ᠬᠢ ᠲᠦᠷᠦ ᠶᠢᠨ | ᠪᠤᠳᠤᠯᠭ᠎ᠠ ᠶᠢᠨ ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠤᠬᠠᠭᠤᠯᠭ᠎ᠠ ᠶᠢᠨ ᠲᠡᠪᠳᠡᠷ ︵ᠬᠠᠭᠤᠳᠠᠰᠤ︶ 120 | ᠭᠠᠷᠤᠢ ᠬᠤᠪᠢ ᠲᠠᠷᠬᠠᠭᠠᠵᠤ᠂ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠶᠢᠬᠡᠮ ᠤᠨ ᠪᠠᠲᠤᠯᠠᠭ᠎ᠠ ᠶᠢᠨ | ᠲᠦᠷᠦ ᠪᠤᠳᠤᠯᠭ᠎ᠠ ᠶᠢ ᠤᠶᠢᠯᠠᠭᠠᠬᠤ ᠨᠤᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠬᠡ ᠠᠯᠬᠤᠮ | ᠳᠡᠭᠡᠭᠰᠢᠯᠡᠬᠦᠯᠵᠤ᠂ ᠨᠡᠩ ᠬᠠᠯᠠᠭᠤᠨ ᠳᠤᠯᠠᠭᠠᠨ᠂ ᠬᠡᠪᠴᠢᠶᠡᠵᠢᠭᠰᠡᠨ ᠨᠡᠶᠢᠬᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ | ᠪᠤᠢ ᠪᠤᠯᠭᠠᠪᠠ᠃ |