ᠤᠮᠠᠷᠠᠲᠤ ᠶᠢᠨ ᠴᠠᠬᠢᠯᠭᠠᠨ ᠬᠦᠴᠦᠨ ᠤ ᠰᠢᠯᠢ ᠶᠢᠨ ᠭᠤᠤᠯ ᠠᠶᠢᠮᠠᠭ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠥᠷᠭᠡᠬᠦ ᠰᠢᠨ᠎ᠡ ᠡᠨᠧᠷᠭᠢ ᠶᠢᠨ ᠭᠤᠷᠪᠠᠳᠤᠭᠠᠷ ᠬᠤᠭᠤᠴᠠᠭᠠᠨ ᠤ ᠰᠠᠭᠤᠷᠢᠨ ᠭᠠᠵᠠᠷ  ᠤᠨ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠡᠬᠢᠯᠡᠯᠲᠡ  ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/6/18
     5 ᠳ᠋ᠤᠭᠠᠷ ᠰᠠᠷ᠎ᠠ ᠶᠢᠨ 29 ᠤ ᠡᠳᠦᠷ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ ᠰᠥᠨᠢᠳ ᠵᠡᠭᠦᠨ ᠬᠤᠰᠢᠭᠤᠨ ᠳᠠᠬᠢ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠥᠷᠭᠡᠬᠦ ᠰᠢᠨ᠎ᠡ ᠡᠨᠧᠷᠭᠢ ᠶᠢᠨ ᠭᠤᠷᠪᠠᠳᠤᠭᠠᠷ ᠬᠤᠭᠤᠴᠠᠭᠠᠨ ᠤ ᠰᠠᠭᠤᠷᠢᠨ ᠭᠠᠵᠠᠷ ᠤᠨ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠶᠠᠪᠤᠭᠳᠠᠵᠤ᠂ ᠮᠠᠨ ᠤ ᠬᠤᠰᠢᠭᠤᠨ ᠤ ᠣᠨᠴᠠ ᠥᠨᠳᠥᠷ ᠬᠦᠴᠦᠳᠡᠯᠲᠦ ᠴᠠᠬᠢᠯᠭᠠᠨ ᠤ ᠲᠥᠷᠤᠯ ᠵᠦᠢᠯ ᠤᠨ ᠰᠢᠨ᠎ᠡ ᠡᠨᠧᠷᠭᠢ ᠶᠢᠨ ᠭᠤᠷᠪᠠᠲᠤᠭᠠᠷ ᠬᠤᠭᠤᠴᠠᠭᠠᠨ ᠤ 102 ᠲᠦᠮᠡᠨ ᠺᠢᠯᠣᠸᠠᠲ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠰᠠᠭᠤᠷᠢᠨ ᠭᠠᠵᠠᠷ ᠵᠢᠩᠬᠢᠨᠢ ᠪᠠᠷ ᠪᠥᠲᠥᠭᠡᠨ ᠪᠠᠶᠢᠭᠤᠯᠤᠯᠲᠠ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ ᠪᠠᠶᠠᠷ ᠤᠨ ᠦᠭᠡ ᠬᠡᠯᠡᠵᠦ᠂ ᠬᠤᠰᠢᠭᠤ ᠳᠡᠳ᠋ ᠳᠠᠷᠤᠭ᠎ᠠ ᠴᠠᠩ ᠱᠦ ᠵᠢᠤᠸᠠᠨ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ  ᠶᠢᠨ ᠳᠡᠳ᠋ ᠳᠠᠭᠠᠭᠠᠮᠠᠯ ᠹᠦ᠋ ᠠᠨ ᠵᠧᠩ 付安正 ᠠᠵᠢᠯᠯᠠᠭ᠎ᠠ ᠳᠤ ᠣᠷᠣᠯᠴᠠᠵᠠᠶ᠃      ᠤᠶᠢᠷ᠎ᠠ ᠶᠢᠨ ᠵᠢᠯ ᠳᠤ᠂ ᠮᠠᠨ ᠤ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂  ᠠᠮᠢ ᠠᠬᠤᠢ ᠶᠢ ᠲᠡᠷᠢᠭᠦᠨ  ᠳᠤ ᠲᠠᠯᠪᠢᠬᠤ᠂ ᠪᠣᠬᠢᠷᠲᠤᠯ ᠥᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ  ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠬᠦ ᠳᠤ ᠲᠣᠬᠢᠷᠠᠬᠤ ᠪᠣᠳᠠᠲᠠᠢ ᠨᠥᠬᠦᠴᠡᠯ ᠳᠤ ᠰᠠᠭᠤᠷᠢᠯᠠᠨ᠂ ᠰᠢᠨ᠎ᠡ ᠡᠨᠧᠷᠭᠢ ᠶᠢᠨ ᠠᠵᠤ ᠦᠢᠯᠡᠰ  ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠪᠦᠬᠦ ᠬᠤᠰᠢᠭᠤᠨ ᠤ ᠲᠣᠣᠷ ᠲᠤ ᠨᠠᠶᠢᠯᠡᠭᠦᠯᠤᠨ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠬᠡᠪᠴᠢᠶ᠎ᠡ ᠨᠡᠶᠢᠲᠡ 512.2 ᠲᠦᠮᠡᠨ ᠺᠢᠯᠣᠸᠠᠲ ᠬᠦᠷᠪᠡ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠠᠮᠢᠶ᠎ᠠ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠵᠢᠭᠦᠯᠵᠦ᠂ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠥᠬᠦ ᠠᠶᠢᠮᠠᠭ ᠤᠨ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠲᠡᠷᠢᠭᠦᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠴᠣᠬᠤᠯᠠᠪᠤᠷᠢ ᠶᠢ ᠣᠯᠵᠤ᠂ ᠣᠳᠣᠬᠠᠨ ᠳᠤ ᠪᠥᠬᠦ ᠬᠤᠰᠢᠭᠤᠨ ᠤ 4 ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠭᠤᠤᠯ ᠪᠣᠯᠬᠤ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠥᠢᠴᠡᠤᠨᠬᠡᠵᠤ ᠲᠠᠭᠤᠰᠠᠬᠠᠨ᠂ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠨᠢ ᠮᠠᠨ ᠤ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠳᠤ ᠬᠦᠷᠴᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃      ᠬᠠᠮᠢᠶ᠎ᠠ ᠪᠥᠬᠦᠶ ᠰᠤᠮᠤ ᠪᠠᠯᠭᠠᠰᠤ ᠵᠢᠴᠢ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠲᠥᠯᠥᠭᠡᠯᠡᠭᠴᠢ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号