ᠰᠦᠨᠢᠳ ᠵᠡᠭᠦᠨ ᠬᠤᠰᠢᠭᠤᠨ ᠤ ᠴᠤᠭᠯᠢᠭ ᠪᠦᠥᠪᠠᠢ ᠨᠠᠷ ᠶᠢ ᠬᠠᠷᠠᠭᠠᠴᠢ
ᠨᠡᠶᠢᠲᠡᠯᠡᠭᠰᠡᠨ ᠴᠠᠭ᠄
2024/6/24
    ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠢᠳᠠᠪᠤᠷᠢᠵᠢᠭᠤᠯᠵᠤ᠂ ᠬᠡᠦᠬᠡᠳ ᠤᠨ ᠪᠡᠶ᠎ᠡ ᠮᠠᠬᠠᠪᠣᠳ᠂ ᠬᠥᠭᠵᠢᠯᠲᠡ ᠶᠢᠨ ᠬᠥᠳᠡᠯᠭᠡᠭᠡᠨ ᠤ ᠵᠣᠬᠢᠴᠠᠩᠭᠤᠢ ᠴᠢᠨᠠᠷ ᠪᠠ ᠠᠮᠢᠳᠤᠯᠢᠭ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠨ ᠪᠡᠶ᠎ᠡ ᠲᠠᠮᠢᠷ ᠤᠨ ᠳᠤᠷ᠎ᠠ ᠰᠣᠨᠢᠷᠬᠠᠯ ᠢ ᠬᠥᠮᠦᠵᠢᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠰᠢᠭᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ︽ᠬᠦᠰᠡᠯ ᠢᠶᠠᠨ ᠲᠡᠷᠭᠡᠯᠰᠢᠯᠡᠭᠦᠯᠬᠦ︾ ᠲᠡᠩᠴᠡᠭᠦᠷᠢᠲᠦ ᠲᠡᠷᠭᠡ ᠶᠢᠨ ᠤᠷᠤᠯᠳᠤᠭᠠᠨ ᠡᠷᠬᠢᠯᠡᠪᠡ᠃
        ᠤᠷᠤᠯᠳᠤᠭᠠᠨ ᠨᠢ ᠬᠡᠦᠬᠡᠳ ᠤᠨ ᠨᠠᠰᠤ ᠪᠠᠷ 5 ᠠᠴᠠ 6 ᠨᠠᠰᠤᠨ ᠤ ᠬᠥᠬᠡ ᠳᠤᠭᠤᠶᠢᠯᠠᠩ ᠪᠠ 3 ᠠᠴᠠ 4 ᠨᠠᠰᠤᠨ ᠤ ᠬᠥᠬᠡᠭᠴᠢᠨ ᠳᠤᠭᠤᠶᠢᠯᠠᠩ ᠲᠣᠬᠢᠷᠠᠭᠤᠯᠵᠤ᠂ ᠤᠷᠤᠯᠳᠤᠭᠠᠨ ᠢ 400 ᠮᠧᠳ᠋ᠷ ᠤᠨ ᠮᠤᠷᠦ᠋ᠢᠯᠲᠠ ᠶᠢᠨ ᠵᠠᠮ ᠤᠨ ᠤᠷᠤᠯᠳᠤᠭᠠᠨ᠂ 200 ᠮᠧᠳ᠋ᠷ ᠤᠨ ᠬᠦᠴᠤᠨ ᠵᠠᠯᠭᠠᠬᠤ ᠤᠷᠤᠯᠳᠤᠭᠠᠨ ᠵᠢᠴᠢ 400 ᠮᠧᠳ᠋ᠷ ᠤᠨ ᠭᠡᠷ ᠪᠦᠯᠢ ᠶᠢᠨ ᠤᠷᠤᠯᠳᠤᠭᠠᠨ ᠭᠡᠵᠦ ᠭᠤᠷᠪᠠᠨ ᠲᠦᠷᠤᠯ ᠬᠤᠪᠢᠶᠠᠵᠤ᠂ 40 ᠭᠠᠷᠤᠶ ᠬᠡᠦᠬᠡᠳ ᠪᠠᠭᠠᠴᠤᠤᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠳᠠᠭᠰᠠᠨ ᠪᠠᠶᠢᠨ᠎ᠠ᠃ ᠤᠷᠤᠯᠳᠤᠭᠠᠨ ᠳᠤ ᠤᠷᠤᠯᠴᠠᠭᠰᠠᠳ ᠪᠡᠶ᠎ᠡ ᠬᠠᠮᠠᠭᠠᠯᠠᠬᠤ ᠬᠡᠷᠡᠭᠰᠡᠯ ᠢᠶᠠᠨ ᠰᠠᠶᠢᠲᠤᠷ ᠡᠮᠦᠰᠴᠦ᠂ ᠮᠣᠷᠳᠠᠬᠤ ᠪᠠᠷ ᠪᠡᠯᠡᠳᠬᠡᠨ᠂ ᠡᠬᠢᠯᠡᠯᠳᠠ ᠶᠢᠨ ᠠᠶ᠎ᠠ ᠴᠤᠤᠷᠢᠶᠠᠲᠤᠬᠤ ᠶᠢ ᠳᠠᠭᠠᠯᠳᠤᠨ᠂ ᠪᠢᠴᠢᠬᠠᠨ ᠮᠣᠷᠢᠲᠤ ᠴᠡᠷᠢᠭ ᠦᠳᠲᠡᠷ ᠲᠦᠷᠭᠡᠨ ᠡᠬᠢᠯᠡᠯᠲᠡ ᠶᠢᠨ ᠱᠤᠭᠤᠮ ᠢᠶᠠᠨ ᠰᠢᠪᠲᠤᠯᠵᠤ᠂ ᠲᠠᠯᠠᠪᠠᠢ ᠶᠢᠨ ᠭᠠᠳᠠᠨ᠎ᠠ ᠪᠠᠭᠰᠢ᠂ ᠭᠡᠷ ᠤᠨ ᠠᠬᠠᠮᠠᠳ᠂ ᠪᠢᠴᠢᠬᠠᠨ ᠨᠠᠶᠢᠵᠠ ᠨᠠᠷ ᠤᠨ ᠪᠠᠶᠢᠨ ᠪᠠᠶᠢᠨ ᠬᠠᠰᠬᠢᠷᠬᠤ ᠳᠠᠭᠤᠨ᠂ ᠬᠦᠴᠦ ᠨᠡᠮᠡᠬᠦ ᠲᠠᠭᠤᠨ ᠴᠤᠤᠷᠢᠶᠠᠳᠤᠵᠦ ᠁ ᠤᠷᠤᠯᠳᠤᠭᠠᠨ ᠤ ᠠᠭᠤᠷ ᠠᠮᠢᠰᠬᠤᠯ ᠪᠠᠷ ᠲᠦᠭᠦᠷᠡᠩ ᠪᠠᠶᠢᠯ᠎ᠠ᠃
        ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠦᠴᠤᠨ ᠵᠠᠯᠭᠠᠬᠤ ᠤᠷᠤᠯᠳᠤᠭᠠᠨ᠂ ᠮᠤᠷᠤᠢ ᠵᠠᠮ ᠤᠨ ᠤᠷᠤᠯᠳᠤᠭᠠᠨ ᠪᠠ ᠭᠡᠷ ᠪᠦᠯᠢ ᠶᠢᠨ ᠤᠷᠤᠯᠳᠤᠭᠠᠨ ᠤ ᠲᠦᠷᠦᠭᠦᠤ ᠭᠤᠷᠪᠠᠨ ᠨᠡᠷᠡᠰ ᠲᠤ ᠴᠥᠮ ᠱᠠᠩᠨᠠᠯ ᠤᠯᠭᠤᠭᠰᠠᠨ ᠪᠠᠶᠢᠨ᠎ᠠ᠃
 
ᠢᠷᠡᠯᠲᠡ᠄ ᠥᠪᠤᠷ ᠮᠤᠩᠭᠤᠯ ᠤᠨ ᠵᠠᠰᠠᠭ ᠤᠨ ᠤᠷᠳᠣᠨ ᠤ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号