ᠬᠤᠰᠢᠭᠤ ᠠᠶᠤᠯᠭᠦᠶ ᠤᠶᠢᠯᠡᠳᠪᠤᠷᠢᠯᠡᠯ ᠤᠨ ᠵᠥᠪᠯᠡᠯ 2024 ᠣᠨ ᠤ ᠳᠣᠯᠣᠳᠤᠭᠠᠷ ᠤᠳᠠᠭᠠᠨ ᠤ ᠠᠵᠢᠯ  ᠤᠨ ᠵᠤᠷᠰᠢᠯᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
     6 ᠳ᠋ᠤᠭᠠᠷ ᠰᠠᠷ᠎ᠠ ᠶᠢᠨ 21 ᠤ ᠡᠳᠦᠷ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠳᠣᠯᠣᠳᠤᠭᠠᠷ ᠤᠳᠠᠭᠠᠨ ᠤ ᠠᠵᠢᠯ ᠤᠨ ᠵᠤᠷᠰᠢᠯᠲᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠪᠤᠯᠤᠳ ᠬᠤᠷᠠᠯ ᠳᠤ ᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠪᠣᠳᠠᠲᠠᠶ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠢᠮᠠᠭᠲᠠ ᠪᠠᠷᠢᠮᠲᠠᠯᠠᠵᠤ᠂ ᠴᠢᠩᠭ᠎ᠠ ᠤᠯᠤᠰ ᠲᠥᠷᠥ ᠶᠢᠨ ᠬᠠᠷᠢᠭᠤᠴᠠᠯᠭ᠎ᠠ ᠪᠠᠷ ᠠᠭᠤᠷᠬᠠᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠦᠨᠡᠨ ᠬᠦ ᠰᠠᠶᠢᠲᠤᠷ ᠬᠢᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠶᠢᠨ ᠭᠠᠮᠰᠢᠭ ᠢ ᠰᠡᠷᠭᠡᠶᠢᠯᠡᠬᠦ ᠳᠠᠯᠳᠠ ᠭᠡᠮ ᠰᠤᠭᠤᠭ ᠢ ᠨᠡᠶᠢᠳᠡᠮ ᠪᠠᠶᠢᠴᠠᠭᠠᠬᠤ ᠪᠠ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠨᠴᠠᠭᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠤ ᠬᠡᠷᠡᠭᠴᠡᠭᠡ ᠲᠠᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠨᠠᠢᠮᠠᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠪᠠᠷ ᠠᠭᠤᠷᠬᠠᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠦᠴᠦᠲᠡᠶ ᠠᠬᠢᠭᠤᠯᠵᠤ᠂ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠴᠢᠩᠭ᠎ᠠ ᠠᠩᠬᠠᠷᠴᠤ᠂ ᠵᠠᠮ ᠲᠡᠭᠡᠭᠡᠪᠦᠷᠢ᠂ ᠠᠶᠤᠯᠲᠠᠶ ᠬᠢᠮᠢ ᠶᠢᠨ ᠪᠣᠳᠠᠰ᠂ ᠬᠢᠵᠠᠭᠠᠷ ᠲᠠᠢ ᠣᠷᠣᠨ ᠵᠠᠶ᠂ ᠪᠠᠷᠢᠯᠭ᠎ᠠ ᠶᠢᠨ ᠠᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠠᠢ᠃      ᠬᠤᠰᠢᠭᠤ ᠠᠶᠣᠯᠭᠦᠢ ᠣᠶᠢᠯᠠᠳᠪᠦᠷᠢᠯᠠᠯ ᠤᠨ ᠵᠦᠪᠯᠡᠯ ᠤᠨ ᠪᠦᠷᠢᠯᠳᠦᠭᠦᠨ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号