ᠪᠠᠶᠠᠠᠳᠦ᠋ᠭᠦᠷᠢᠭ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠲᠤ ᠬᠤᠷᠠᠯ ᠤᠨ ︽ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠤᠮᠠᠷᠠᠲᠤ ᠬᠢᠯᠢ ᠶᠢᠨ ᠡᠮᠡᠭᠲᠡᠶᠢᠴᠤᠳ ᠤᠨ ᠰᠢᠨ᠎ᠡ ᠴᠠᠭ ᠦᠶ᠎ᠡ ᠳᠤ ᠵᠢᠳᠬᠦᠯ ᠦᠵᠡᠬᠦᠯᠬᠦ︾ ᠭᠤᠤᠯ ᠰᠡᠳᠤᠪᠲᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/6/26
     6 ᠰᠠᠷ᠎ᠠ ᠶᠢᠨ 23 ᠤ ᠡᠳᠦᠷ᠂ ᠪᠠᠶᠠᠠᠳᠦ᠋ᠭᠦᠷᠢᠭ ᠭᠠᠴᠠᠭᠠᠨ ᠤ ᠡᠮᠡᠭᠲᠡᠶᠢᠴᠤᠳ ᠤᠨ ᠬᠤᠯᠪᠤᠭᠠᠲᠤ ᠬᠤᠷᠠᠯ ᠤᠨ ︽ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠤᠮᠠᠷᠠᠲᠤ ᠬᠢᠯᠢ ᠶᠢᠨ ᠡᠮᠡᠭᠲᠡᠶᠢᠴᠤᠳ ᠤᠨ ᠰᠢᠨ᠎ᠡ ᠴᠠᠭ ᠦᠶ᠎ᠡ ᠳᠤ ᠵᠢᠳᠬᠦᠯ ᠦᠵᠡᠬᠦᠯᠬᠦ︾ ᠭᠤᠤᠯ ᠰᠡᠳᠤᠪᠲᠤ ᠠᠵᠢᠯᠯᠠᠭ᠎ᠠ ᠦᠷᠨᠢᠬᠦᠯᠵᠤ᠂ ᠰᠤᠮᠤ ᠵᠢᠴᠢ ᠭᠠᠴᠠᠭᠠᠨ ᠤ ᠡᠮᠡᠭᠳᠡᠶᠢᠴᠤᠳ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ᠂ ᠭᠠᠴᠠᠭᠠᠨ ᠤ ᠡᠮᠡᠭᠲᠡᠶᠢᠴᠤᠳ ᠠᠵᠢᠯᠯᠠᠭ᠎ᠠ ᠳᠤ ᠤᠷᠤᠯᠴᠠᠪᠠ᠃      ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠡᠮᠬᠢᠳᠬᠡᠯ︾ ᠵᠡᠷᠭᠡ ᠠᠭᠤᠯᠭ᠎ᠠ ᠶᠢ ᠰᠤᠷᠤᠯᠴᠠᠬᠤ ᠶᠢᠨ ᠲᠤᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠡᠮᠡᠭᠲᠡᠶᠢᠴᠤᠳ ᠲᠤ ᠨᠠᠮ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠢᠳᠡᠪᠬᠢᠲᠡᠢ ᠤᠯᠠᠮᠵᠢᠯᠠᠵᠤ᠂ ᠦᠷᠬᠡᠨ ᠤᠯᠠᠨ ᠡᠮᠡᠭᠲᠡᠶᠢᠴᠤᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠬᠡ ᠶᠢ ᠰᠤᠨᠤᠰᠬᠤ᠂ ᠨᠠᠮ ᠢᠶᠠᠨ ᠳᠠᠭᠠᠬᠤ ᠶᠢ ᠤᠯᠠᠮ ᠨᠢᠬᠡ ᠠᠯᠬᠤᠮ ᠵᠤᠷᠢᠭᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠬᠡᠢ ᠳᠡᠭᠡᠭᠰᠢᠯᠡᠬᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠢᠨ᠎ᠡ ᠬᠡᠪ ᠰᠤᠷᠲᠠᠯ ᠢ ᠬᠦᠲᠦᠯᠦᠨ ᠳᠠᠭᠠᠭᠤᠯᠵᠤ᠂ ᠡᠮᠡᠭᠲᠡᠶᠢᠴᠤᠳ ᠤᠨ ᠴᠤᠭ ᠵᠢᠪᠬᠤᠭ᠎ᠠ ᠶᠢ ᠢᠯᠡᠷᠡᠭᠦᠯᠭᠦ ᠪᠤᠯᠤᠨ᠎ᠠ᠃      ᠳᠠᠷᠠᠭ᠎ᠠ ᠨᠢ ᠴᠠᠬᠢᠯᠭᠠᠨ ᠬᠤᠯᠪᠤᠭᠠᠨ ᠤ ᠮᠡᠬᠡᠯᠡᠯ᠂ ᠭᠠᠵᠢᠭᠤ ᠨᠤᠮᠯᠠᠯ ᠢ ᠡᠰᠡᠷᠬᠦᠴᠡᠬᠦ ᠵᠡᠷᠭᠡ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠮᠡᠭᠲᠡᠶᠢᠴᠤᠳ ᠲᠤ ᠲᠡᠬᠦᠨ ᠤ ᠤᠴᠠᠷᠠᠭᠤᠯᠤᠭᠰᠠᠨ ᠬᠤᠤᠷ ᠬᠦᠨᠦᠬᠡᠯ ᠢ ᠤᠬᠠᠭᠤᠯᠵᠤ᠂ ︽ᠰᠢᠨᠵᠢᠯᠡᠬᠦ ᠤᠬᠠᠭᠠᠨ ᠢ ᠡᠷᠬᠢᠮᠯᠡᠨ᠂ ᠭᠠᠵᠢᠭᠤ ᠨᠤᠮᠯᠠᠯ ᠢ ᠡᠰᠡᠷᠭᠦᠴᠡᠬᠦ︾ ᠰᠠᠶᠢᠨ ᠰᠠᠶᠢᠬᠠᠨ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠤᠢ ᠪᠤᠯᠭᠠᠵᠤ᠂ ᠡᠮᠡᠭᠲᠡᠶᠢᠴᠤᠳ ᠤᠨ ᠴᠠᠬᠢᠯᠭᠠᠨ ᠬᠤᠯᠪᠤᠭᠠᠨ ᠤ ᠮᠡᠬᠡᠯᠡᠯ᠂ ᠭᠠᠵᠢᠭᠤ ᠨᠤᠮᠯᠠᠯ ᠢ ᠡᠰᠡᠷᠭᠦᠴᠡᠬᠦ ᠠᠵᠢᠯᠯᠠᠭ᠎ᠠ ᠶᠢᠨ ᠲᠤᠬᠠᠢ ᠤᠶᠢᠯᠠᠭᠠᠯᠲᠠ ᠪᠠ ᠲᠠᠨᠢᠯᠲᠠ  ᠶᠢ ᠬᠦᠨᠵᠡᠬᠡᠶᠢᠷᠡᠬᠦᠯᠪᠡ᠃      ᠡᠴᠦᠰ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠶᠡᠷᠤᠩᠭᠡᠢ ᠱᠦᠵᠢ ᠰᠢ ᠶᠢᠨ ᠫᠢᠩ ᠤᠨ ᠭᠡᠷ ᠪᠦᠯᠢ ᠶᠢᠨ ᠬᠦᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠦᠬᠦᠯᠡᠯᠲᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠰᠢᠯᠢᠳᠡᠭ ᠭᠡᠷ ᠤᠨ ᠰᠤᠷᠳᠠᠯ ᠢ ᠶᠡᠭᠡ ᠪᠠᠷ ᠪᠠᠳᠠᠷᠠᠭᠤᠯᠤᠨ᠂ ᠭᠡᠷ ᠪᠦᠯᠢ ᠶᠢᠨ ᠬᠦᠮᠦᠵᠢᠯ ᠢ ᠴᠢᠬᠤᠯᠠᠴᠢᠯᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠬᠡ᠂ ᠭᠠᠴᠠᠭᠠᠨ ᠤ ᠡᠮᠡᠭᠲᠡᠶᠢᠴᠤᠳ ᠤᠨ ᠬᠤᠯᠪᠤᠭ᠎ᠠ ᠭᠡᠷ ᠪᠦᠯᠢ ᠶᠢᠨ ᠬᠦᠮᠦᠵᠢᠯ᠂ ᠤᠷᠤᠭ ᠭᠡᠷ ᠪᠦᠯᠢ ᠵᠡᠷᠭᠡ ᠠᠭᠤᠯᠭ᠎ᠠ ᠶᠢᠨ ᠲᠤᠭᠤᠷᠢᠨ ᠳᠤ ᠶᠠᠶᠢᠯᠴᠠᠬᠤ ᠬᠤᠷᠠᠯ ᠦᠷᠨᠢᠬᠦᠯᠪᠡ᠃ ᠤᠯᠠᠨ ᠢᠶᠠᠷ ᠢᠶᠠᠨ ᠪᠤᠳᠤᠯ ᠰᠡᠳᠬᠢᠯ ᠢᠶᠠᠨ ᠳᠡᠯᠬᠡᠵᠤ᠂ ᠦᠵᠡᠵᠤ ᠰᠤᠨᠤᠰᠤᠭᠰᠠᠨ ᠢᠶᠠᠨ ᠶᠠᠷᠢᠵᠤ᠂ ᠡᠮᠡᠭᠲᠡᠢ ᠤᠯᠠᠨ ᠲᠦᠮᠡᠨ ᠰᠤᠯᠢᠯᠴᠠᠭᠠᠨ ᠤ ᠳᠤᠮᠳᠠ ᠢᠷᠡᠬᠡᠳᠤᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠶᠠᠷᠢᠪᠠ᠃ ᠲᠡᠷᠡᠴᠢᠯᠡᠨ ᠤᠷᠤᠭ ᠭᠡᠷ ᠪᠦᠯᠢ ᠨᠢ ᠰᠢᠯᠢᠳᠡᠭ ᠤᠯᠠᠮᠵᠢᠯᠠᠯᠲᠤ ᠰᠠᠶᠢᠨ ᠰᠠᠶᠢᠬᠠᠨ ᠶᠤᠰᠤ ᠰᠤᠷᠲᠠᠬᠤᠨ ᠢ ᠤᠯᠠᠮᠵᠢᠯᠠᠨ ᠵᠠᠯᠭᠠᠮᠵᠢᠯᠠᠵᠤ᠂ ᠢᠳᠡᠪᠬᠢᠲᠡᠢ ᠤᠷᠤᠭᠰᠢᠯᠠᠨ ᠳᠠᠪᠰᠢᠭᠰᠠᠨ᠂ ᠡᠶ᠎ᠡ ᠨᠠᠶᠢᠷᠲᠠᠢ ᠪᠠᠷ ᠬᠠᠮᠲᠤ ᠤᠷᠤᠰᠢᠭᠰᠠᠨ᠂ ᠬᠠᠷᠢᠯᠴᠠᠨ ᠬᠦᠨᠳᠦᠳᠬᠡᠭᠰᠡᠨ ᠬᠠᠶᠢᠷ᠎ᠠ ᠬᠠᠯᠠᠮᠵᠢ ᠪᠠᠷ ᠪᠢᠯᠬᠠᠭᠰᠠᠨ ᠰᠢᠨ᠎ᠡ ᠴᠠᠭ ᠦᠶ᠎ᠡ ᠶᠢᠨ ᠰᠠᠶᠢᠨ ᠭᠡᠷ ᠪᠦᠯᠢ ᠪᠤᠯᠬᠤ ᠪᠠᠷ ᠴᠢᠷᠮᠠᠶᠢᠬᠤ ᠬᠡᠷᠡᠭᠲᠡᠢ ᠬᠡᠵᠤ ᠢᠯᠡᠳᠬᠡᠪᠡ᠃
 
ᠢᠷᠡᠯᠲᠡ᠄ ᠰᠠᠶᠢᠬᠠᠠᠭᠤᠪᠢ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号