ᠲᠦᠭ ᠲᠦᠮᠡᠨ ᠭᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠬᠡᠯ ᠤᠨ | ᠵᠠᠷᠤᠯᠭ᠎ᠠ ᠠᠴᠠ ᠪᠣᠯᠤᠭᠰᠠᠨ ᠠᠵᠤ ᠠᠬᠤᠢ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠭᠡᠬᠦ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠬᠡᠯ ᠤᠨ ᠳᠠᠷᠤᠭᠠᠰᠤ ᠶᠢ ᠱᠠᠲᠤ ᠳᠠᠷᠠᠭᠠᠯᠠᠨ | ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ | ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ | ᠰᠦᠢᠳᠬᠡᠯ ᠤᠨ ᠳᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠭᠰᠢᠳᠠ ᠪᠠᠲᠤᠯᠠᠬᠤ ᠪᠣᠯᠣᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠤ ᠭᠤᠶᠤᠴᠢᠯᠠᠬᠤ ᠪᠣᠶ᠂ ᠪᠠᠰᠠ ᠶᠠᠭᠠᠬᠢᠵᠤ ᠰᠦᠢᠳᠬᠡᠯ | ᠲᠤᠰᠢᠶᠠᠬᠤ ᠪᠣᠶ︖ | ᠳᠦᠷᠢᠮ ᠢ ᠲᠣᠭᠲᠠᠭᠠᠭᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠤᠰᠠᠭᠠᠷ | ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠦᠭᠡᠢ ᠪᠣᠯᠵᠤ᠂ ᠪᠣᠶ ᠪᠦᠬᠦᠢ ᠰᠦᠢᠳᠬᠡᠯ ᠢ ᠲᠤᠰᠢᠶᠠᠵᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠪᠣᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠥᠮᠥᠰ ᠪᠣᠯᠬᠤᠷ ᠲᠤᠰᠠᠭᠠᠷ | ᠰᠦᠢᠳᠬᠡᠯ ᠲᠤᠰᠢᠶᠠᠬᠤ ᠴᠢᠬᠤᠯᠠ ᠦᠭᠡᠢ ᠪᠣᠯᠵᠠᠢ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ | 2012 ᠣᠨ ᠳᠤ ᠲᠤᠷᠰᠢᠯᠲᠠ ᠬᠢᠬᠦ ᠠᠵᠢᠯ ᠢ ᠡᠬᠢᠯᠡᠭᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠵᠡᠢ᠃ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠤ ᠪᠤᠢ︖ | ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠰᠠᠭᠤᠭᠠᠯᠢ | ᠠᠷᠠᠳ ᠤᠨ ᠲᠦᠷᠦᠭᠦᠦ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ | ᠥᠨᠳᠥᠷ ᠪᠠᠶᠢᠯᠭᠠᠵᠤ ᠪᠣᠯᠬᠤ ᠦᠭᠡᠢ᠂ ᠲᠤᠰᠢᠶᠠᠬᠤ ᠬᠠᠷᠢᠴᠠᠯ ᠢ 60 % ᠠᠴᠠ ᠳᠣᠣᠷ᠎ᠠ ᠪᠠᠶᠢᠯᠭᠠᠵᠤ ᠪᠣᠯᠬᠤ | ᠦᠭᠡᠢ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ | ᠣᠷᠴᠢᠮ ᠬᠦᠷᠭᠡᠨ᠎ᠡ᠃ ᠬᠦᠴᠢᠷᠳᠡᠯᠲᠡᠢ ᠬᠥᠮᠥᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ | ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠶᠠᠳᠠᠭᠤ | ᠬᠥᠮᠥᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ | ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ | ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠦᠵᠡᠭᠦᠯᠦᠭᠰᠡᠨ ᠡᠮ ᠡᠮᠨᠡᠯᠭᠡ ᠶᠢᠨ ᠰᠦᠢᠳᠬᠡᠯ ᠨᠢ ᠬᠦᠨᠳᠦ ᠡᠪᠡᠳᠴᠢᠨ ᠤ | ᠳᠠᠭᠠᠳᠬᠠᠯ ᠤᠨ ᠰᠦᠢᠳᠬᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ | ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠳᠠᠷᠤᠢ ᠳᠤᠨᠢ ᠲᠠᠰᠤᠯᠤᠨ ᠪᠤᠳᠤᠵᠦ ᠥᠭᠭᠦᠨ᠂ ᠬᠠᠮᠢᠶ᠎ᠠ | ᠪᠦᠬᠦᠢ ᠣᠯᠭᠤᠮᠵᠢ ᠶᠢ ᠠᠶᠠᠨᠳᠠᠭᠠᠨ ᠬᠦᠷᠳᠡᠭᠦ ᠪᠣᠯᠣᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠦᠭᠡᠢ᠃ | | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠣᠯ | ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠣᠭᠲᠠᠭᠠᠭᠰᠠᠨ ᠡᠬᠢᠨ ᠤ ᠦᠶ᠎ᠡ ᠳᠤ᠂ ᠡᠮ ᠡᠮᠨᠡᠯᠭᠡ | ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠢ ᠳᠡᠮᠵᠢᠵᠦ᠂ ᠡᠮ | ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠲᠤᠷᠠᠨ ᠠᠵᠢᠯᠯᠠᠬᠤ ᠰᠢᠨ᠎ᠡ ᠵᠠᠭᠪᠤᠷ ᠢ | ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠢ | ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ | ᠨᠥᠬᠦᠪᠦᠷᠢᠯᠡᠬᠦ ᠴᠢᠬᠤᠯᠠᠲᠠᠢ ᠡᠰᠡᠬᠦ ᠶᠢ ᠬᠤᠪᠢ ᠬᠥᠮᠥᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ | ᠰᠢᠯᠲᠠᠭᠠᠯᠠᠭᠳᠠᠨ᠎ᠠ᠃ | |