ᠶᠠᠭᠤᠨ ᠳᠤ ᠭᠡᠷ ᠪᠦᠯᠢ ᠶᠢᠨ ᠡᠷᠡᠭᠦᠯᠵᠢᠯ ᠤᠨ ᠬᠥᠮᠦᠵᠢᠯ ᠢ ᠴᠢᠬᠤᠯᠠᠴᠢᠯᠠᠳᠠᠭ ᠪᠤᠢ︖
ᠨᠡᠶᠢᠲᠡᠯᠡᠭᠰᠡᠨ ᠴᠠᠭ᠄
2024/6/27
    ᠡᠴᠢᠭᠡ ᠡᠬᠡ ᠪᠣᠯ ᠬᠡᠦᠬᠡᠳ ᠤᠨ ᠨᠢᠭᠡᠳᠦᠭᠡᠷ ᠪᠠᠭᠰᠢ ᠪᠠ ᠨᠠᠰᠤᠨ ᠲᠤᠷᠰᠢᠬᠢ ᠪᠠᠭᠰᠢ ᠪᠣᠯᠬᠤᠷ᠂ ᠬᠡᠦᠬᠡᠳ ᠤᠨ ᠡᠷᠡᠭᠦᠯᠵᠢᠯ ᠳᠤᠮᠳᠠ ᠣᠷᠣᠯᠠᠭᠤᠯᠵᠤ ᠪᠣᠯᠣᠰᠢ ᠦᠭᠡᠢ ᠪᠠᠶᠢᠷᠢᠰᠢᠯ ᠢ ᠦᠵᠡᠭᠦᠯᠵᠦ ᠪᠠᠶᠢᠳᠠᠭ᠃ ᠬᠡᠦᠬᠡᠳ ᠨᠢ ᠶᠡᠬᠡᠩᠬᠢ ᠴᠠᠭ ᠢᠶᠠᠨ ᠴᠥᠮ ᠭᠡᠷ ᠪᠦᠯᠢ ᠳᠡᠭᠡᠨ ᠥᠩᠭᠡᠷᠡᠭᠡᠳᠡᠭ᠃ ᠭᠡᠷ ᠤᠨ ᠠᠬᠠᠮᠠᠳ ᠥᠪᠡᠷ ᠤᠨ ᠢᠶᠠᠨ ᠬᠡᠯᠡ ᠪᠠᠷ ᠤᠯᠠᠮᠵᠢᠯᠠᠨ᠂ ᠪᠡᠶ᠎ᠡ ᠪᠠᠷ ᠢᠶᠠᠨ ᠰᠤᠷᠭᠠᠬᠤ ᠪᠠ ᠭᠡᠷ ᠪᠦᠯᠢ ᠶᠢᠨ ᠠᠮᠢᠳᠤᠷᠠᠯ ᠤᠨ ᠦᠢᠯᠡᠳᠦᠯᠭᠡ ᠪᠠᠷ ᠢᠶᠠᠨ ᠳᠠᠮᠵᠢᠭᠤᠯᠤᠨ᠂ ᠬᠡᠦᠬᠡᠳ ᠤᠨ ᠰᠡᠳᠬᠢᠯᠭᠡ ᠬᠠᠶᠢᠷᠠᠯᠠᠯ᠂ ᠨᠡᠶᠢᠭᠡᠮ ᠤᠨ ᠶᠠᠪᠤᠯᠴᠠᠭ᠎ᠠ᠂ ᠪᠡᠶ᠎ᠡ ᠶᠢᠨ ᠬᠠᠮᠢᠶᠠᠷᠤᠯᠲᠠ᠂ ᠶᠣᠰᠣ ᠮᠣᠷᠠᠯ ᠵᠢᠴᠢ ᠬᠡᠯᠡᠨ ᠤ ᠲᠠᠨᠢᠨ ᠮᠡᠳᠡᠬᠦ ᠡᠯ᠎ᠡ ᠲᠠᠯ᠎ᠠ ᠶᠢᠨ ᠴᠢᠳᠠᠪᠤᠷᠢ ᠶᠢ ᠪᠤᠢ ᠪᠤᠯᠭᠠᠬᠤ ᠪᠠ ᠬᠥᠮᠥᠵᠢᠭᠦᠯᠦᠨ᠎ᠡ᠃ ᠰᠣᠨᠣᠷ ᠤᠨ ᠰᠠᠭᠠᠲᠤᠯ ᠲᠠᠢ ᠬᠡᠦᠬᠡᠳ ᠢᠶᠠᠷ ᠠᠪᠴᠤ ᠬᠡᠯᠡᠪᠡᠯ᠂ ᠡᠩ ᠤᠨ ᠭᠡᠷ ᠪᠦᠯᠢ ᠶᠢᠨ ᠬᠥᠮᠦᠵᠢᠯ ᠠᠴᠠ ᠭᠠᠳᠠᠨ᠎ᠠ᠂ ᠡᠳᠦᠷ ᠲᠤᠲᠤᠮ ᠤᠨ ᠠᠮᠢᠳᠤᠷᠠᠯ ᠨᠢ ᠪᠠᠰᠠ ᠡᠯᠪᠡᠭ ᠪᠠᠶᠠᠯᠢᠭ᠂ ᠦᠷᠬᠦᠯᠵᠢᠯᠡᠭᠰᠡᠨ ᠰᠤᠨᠤᠰᠬᠤ᠂ ᠶᠠᠷᠢᠬᠤ ᠲᠤᠬᠢᠶᠠᠯ ᠳᠠᠪᠲᠠᠭᠤᠯᠤᠨ᠎ᠠ᠃ ᠡᠳᠦᠷ ᠪᠦᠷᠢ ᠳᠠᠪᠲᠠᠨ ᠬᠢᠬᠦ ᠳᠤ ᠣᠷᠣᠨ ᠠᠴᠠ ᠪᠤᠰᠬᠤ᠂ ᠬᠤᠪᠴᠠᠰᠤ ᠡᠮᠦᠰᠬᠦ᠂ ᠰᠢᠲᠦ ᠠᠮᠠ ᠪᠠᠨ ᠤᠬᠢᠶᠠᠬᠤ᠂ ᠬᠤᠭᠤᠯᠠ ᠢᠳᠡᠬᠦ᠂ ᠨᠠᠭᠠᠳᠬᠤ ᠵᠡᠷᠭᠡ ᠠᠷᠭ᠎ᠠ ᠪᠠᠷᠢᠯ ᠢ ᠡᠵᠡᠮᠰᠢᠪᠡᠯ᠂ ᠰᠤᠨᠤᠰᠬᠤ᠂ ᠶᠠᠷᠢᠬᠤ ᠴᠢᠳᠠᠪᠤᠷᠢ ᠶᠢᠨ ᠬᠥᠮᠦᠵᠢᠯ ᠨᠢ ᠳᠡᠭᠡᠷᠡᠬᠢ ᠡᠳᠡᠭᠡᠷ ᠠᠵᠢᠯᠯᠠᠭ᠎ᠠ ᠳᠤ ᠨᠡᠶᠢᠳᠴᠤ᠂ ᠬᠡᠦᠬᠡᠳ ᠤᠨ ᠡᠷᠡᠭᠦᠯᠵᠢᠯ ᠳᠤ ᠬᠠᠮᠤᠭ ᠰᠠᠶᠢᠨ ᠲᠦᠯᠬᠢᠴᠡ ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号