ᠥᠨᠥᠳᠥᠷ᠂ ᠠᠮᠢᠳᠤᠷᠠᠯ ᠤᠨ ᠠᠶᠢᠵᠠᠮ ᠲᠦᠷᠭᠡᠰᠴᠦ᠂ ᠠᠵᠢᠯ ᠤᠨ ᠳᠠᠷᠤᠭᠠᠰᠤ ᠨᠡᠮᠡᠭᠳᠡᠨ᠂ ︽ᠬᠡᠲᠦᠷᠡᠲᠡᠯ᠎ᠡ | ᠶᠠᠳᠠᠷᠠᠭᠠᠳ ᠮᠠᠷᠢᠶᠠᠯᠠᠬᠤ︾᠂ ︽ᠬᠡᠲᠦᠷᠡᠲᠡᠯ᠎ᠡ ᠶᠠᠳᠠᠷᠠᠭᠠᠳ ᠮᠠᠨᠠᠷᠠᠬᠤ︾ ᠵᠡᠷᠭᠡ ᠡᠷᠡᠭᠦᠯ ᠮᠡᠨᠳᠦ ᠶᠢᠨ ᠠᠰᠠᠭᠤᠳᠠᠯ | ᠴᠤ ᠶᠠᠪᠤᠬᠤ ᠲᠤᠲᠤᠮ ᠬᠥᠮᠥᠰ ᠤᠨ ᠠᠩᠬᠠᠷᠤᠯ ᠢ ᠲᠠᠲᠠᠵᠤ ᠪᠠᠶᠢᠨ᠎ᠠ᠃ ᠡᠳᠡᠭᠡᠷ ᠢ ᠬᠡᠯᠡᠵᠦ ᠪᠠᠶᠢᠭ᠎ᠠ ᠨᠢ ᠲᠠᠨ ᠢ | ᠠᠶᠤᠯᠭᠠᠬᠤ ᠶᠢᠨ ᠲᠥᠯᠥᠭᠡ ᠪᠢᠰᠢ᠂ ᠬᠠᠷᠢᠨ ᠡᠷᠡᠭᠦᠯ ᠮᠡᠨᠳᠦ ᠶᠢᠨ ᠠᠰᠠᠭᠤᠳᠠᠯ ᠳᠠᠭᠠᠨ ᠵᠥᠪ ᠢᠶᠠᠷ ᠬᠠᠨᠳᠤᠵᠤ᠂ ᠪᠡᠶ᠎ᠡ | ᠮᠠᠬᠠᠪᠤᠳ ᠬᠠᠪᠤ ᠦᠭᠡᠢ ᠪᠣᠯᠤᠭᠰᠠᠨ ᠤ ᠳᠠᠷᠠᠭᠠᠬᠢ ᠳᠣᠬᠢᠶ᠎ᠠ ᠶᠢ ᠡᠷᠲᠡᠬᠡᠨ ᠣᠯᠵᠤ ᠮᠡᠳᠡᠭᠡᠳ ᠬᠤᠷᠳᠤᠬᠠᠨ ᠠᠷᠭ᠎ᠠ | ᠬᠡᠮᠵᠢᠶ᠎ᠡ ᠠᠪᠬᠤ ᠶᠢ ᠰᠠᠨᠠᠭᠤᠯᠤᠶ᠎ᠠ ᠭᠡᠰᠡᠨ ᠶᠤᠮ᠃ ᠲᠡᠭᠡᠪᠡᠯ ᠳᠣᠣᠷᠠᠬᠢ ᠬᠡᠳᠦᠨ ᠰᠡᠷᠡᠮᠵᠢ ᠶᠢᠨ ᠳᠣᠬᠢᠶ᠎ᠠ ᠶᠢ ᠲᠠ | ᠣᠯᠵᠤ ᠮᠡᠳᠡᠭᠰᠡᠨ ᠤᠤ︖ | ᠬᠡᠪᠡᠯᠢ ᠶᠢᠨ ᠬᠡᠰᠡᠭ ᠮᠠᠷᠢᠶᠠᠯᠠᠬᠤ᠄ 30 - 50 ᠨᠠᠰᠤᠨ ᠤ ᠬᠥᠮᠥᠨ ᠤ ᠬᠡᠪᠡᠯᠢ ᠶᠢᠨ ᠬᠡᠰᠡᠭ ᠮᠠᠷᠢᠶᠠᠯᠠᠬᠤ ᠨᠢ | ᠦᠷᠭᠦᠯᠵᠢ ᠴᠢᠰᠤᠨ ᠥᠭᠡᠬᠦ ᠥᠨᠳᠥᠷᠵᠢᠬᠦ᠂ ᠡᠯᠢᠭᠡ ᠥᠭᠡᠬᠦᠯᠡᠬᠦ᠂ ᠴᠢᠰᠤᠨ ᠳᠠᠷᠤᠯᠲᠠ ᠥᠨᠳᠥᠷᠵᠢᠬᠦ ᠪᠠ ᠵᠢᠷᠦᠬᠡᠨ | ᠲᠢᠲᠢᠮ ᠤᠨ ᠡᠪᠡᠳᠴᠢᠨ ᠵᠡᠷᠭᠡ ᠲᠠᠢ ᠬᠤᠯᠪᠤᠭ᠎ᠠ ᠲᠠᠢ ᠪᠠᠶᠢᠳᠠᠭ᠃ ᠡᠭᠦᠨ ᠠᠴᠠ ᠭᠠᠳᠠᠨ᠎ᠠ᠂ ᠭᠡᠳᠡᠰᠦ | ᠪᠦᠳᠦᠭᠦᠷᠡᠬᠦ ᠨᠢ ᠪᠠᠰᠠ ᠴᠢᠰᠤᠨ ᠰᠢᠬᠢᠷ ᠬᠡᠪ ᠤᠨ ᠪᠤᠰᠤ᠂ ᠲᠠᠮᠠᠬᠢ ᠲᠠᠲᠠᠬᠤ ᠵᠡᠷᠭᠡ ᠰᠢᠯᠲᠠᠭᠠᠨ ᠪᠠ ᠢᠳᠡᠭᠡᠨ | ᠤᠮᠳᠠᠭᠠᠨ ᠤ ᠮᠠᠭᠤ ᠳᠠᠳᠬᠠᠯ ᠠᠴᠠ ᠪᠣᠯᠤᠭᠰᠠᠨ ᠪᠠᠶᠢᠵᠤ ᠮᠡᠳᠡᠨ᠎ᠡ᠃ | ᠬᠡᠵᠢᠬᠡ ᠤᠨᠠᠬᠤ᠄ ᠠᠵᠢᠯ ᠤᠨ ᠳᠠᠷᠤᠭᠠᠰᠤ ᠨᠡᠮᠡᠭᠳᠡᠬᠦ ᠪᠠ ᠣᠶᠤᠨ ᠰᠠᠨᠠᠭᠠᠨ ᠤ ᠪᠠᠴᠢᠮᠳᠠᠯ ᠠᠴᠠ ᠪᠣᠯᠵᠤ | ᠬᠡᠵᠢᠭᠡ ᠤᠨᠠᠳᠠᠭ᠃ ᠡᠭᠦᠨ ᠠᠴᠠ ᠭᠠᠳᠠᠨ᠎ᠠ ᠪᠠᠰᠠ ᠨᠦᠢᠷ ᠬᠤᠯᠵᠢᠬᠤ ᠡᠰᠡᠬᠦᠯ᠎ᠡ ᠬᠡᠲᠦ ᠣᠷᠣᠢ ᠤᠨᠲᠠᠬᠤ ᠵᠡᠷᠭᠡ ᠨᠢ | ᠠᠷᠠᠰᠤᠨ ᠤ ᠥᠭᠡᠬᠦ ᠶᠢᠨ ᠱᠦᠭᠦᠷᠡᠯᠲᠡ ᠶᠢ ᠨᠡᠮᠡᠭᠳᠡᠭᠦᠯᠵᠦ᠂ ᠥᠭᠡᠬᠦ ᠨᠡᠪᠴᠢᠬᠦ ᠴᠢᠨᠠᠷᠲᠠᠢ ᠦᠰᠦ ᠤᠨᠠᠬᠤ ᠪᠠᠶᠢᠳᠠᠯ ᠢ | ᠡᠭᠦᠰᠬᠡᠳᠡᠭ᠃ ᠪᠠᠰᠠ ᠵᠠᠷᠢᠮ ᠦᠷᠭᠦᠯᠵᠢ ᠲᠣᠬᠢᠶᠠᠯᠳᠤᠳᠠᠭ ᠳᠣᠲᠣᠷ ᠰᠠᠯᠠᠭᠠᠨ ᠤ ᠡᠪᠡᠳᠴᠢᠨ᠂ ᠵᠢᠱᠢᠶᠡᠯᠡᠪᠡᠯ ᠡᠯᠢᠭᠡ | ᠪᠥᠭᠡᠷᠡᠨ ᠤ ᠠᠵᠢᠯᠯᠠᠭ᠎ᠠ ᠶᠢᠨ ᠭᠡᠮᠲᠦᠯ ᠵᠢᠴᠢ ᠪᠠᠮᠪᠠᠢ ᠪᠤᠯᠴᠢᠷᠬᠠᠢ᠂ ᠳᠣᠲᠣᠭᠠᠳᠤ ᠱᠦᠭᠦᠷᠡᠯ ᠵᠡᠷᠭᠡ ᠠᠵᠢᠯᠯᠠᠭ᠎ᠠ ᠶᠢᠨ | ᠰᠠᠮᠠᠭᠤᠷᠠᠯ ᠠᠴᠠ ᠪᠣᠯᠵᠤ ᠬᠡᠵᠢᠬᠡ ᠤᠨᠠᠳᠠᠭ ᠪᠠᠶᠢᠨ᠎ᠠ᠃ | ᠰᠢᠭᠡᠰᠦ ᠠᠯᠳᠠᠬᠤ᠄ 30 - 40 ᠨᠠᠰᠤᠨ ᠤ ᠬᠤᠭᠤᠷᠣᠨᠳᠣᠬᠢ ᠬᠥᠮᠥᠨ ᠪᠠᠶᠢᠨ ᠳᠠᠬᠢᠨ ᠵᠣᠷᠯᠣᠩ ᠳᠤ | ᠣᠷᠣᠵᠤ᠂ ᠵᠤᠷᠯᠤᠩ ᠳᠤ ᠣᠷᠣᠬᠤ ᠲᠤᠭ᠎ᠠ ᠨᠢ ᠡᠩ ᠤᠨ ᠬᠥᠮᠥᠨ ᠠᠴᠠ ᠢᠯᠡᠭᠦᠦ ᠪᠠᠶᠢᠬᠤ ᠨᠢ ᠡᠷᠡᠭᠦᠯ ᠮᠠᠨᠲᠦ ᠶᠢᠨ | ᠠᠰᠠᠭᠤᠳᠠᠯ ᠣᠷᠣᠰᠢᠵᠤ ᠪᠠᠶᠢᠭ᠎ᠠ ᠶᠢ ᠨᠢᠭᠡ ᠲᠠᠯ᠎ᠠ ᠠᠴᠠ ᠬᠠᠷᠠᠭᠤᠯᠵᠤ ᠪᠠᠶᠢᠳᠠᠭ᠃ ᠤᠰᠤ ᠠᠷᠪᠢᠨ ᠤᠤᠭᠤᠬᠤ᠂ | ᠦᠷᠪᠢᠰᠦᠯ ᠵᠡᠷᠭᠡ ᠬᠦᠴᠦᠨ ᠵᠦᠢᠯ ᠠᠴᠠ ᠭᠠᠳᠠᠨ᠎ᠠ᠂ ᠣᠶᠤᠨ ᠰᠠᠨᠠᠭᠠᠨ ᠤ ᠳᠠᠷᠤᠯᠲᠠ ᠨᠢ ᠮᠥᠨ ᠴᠦ ᠪᠠᠶᠢᠨ ᠲᠠᠬᠢᠨ | ᠰᠢᠭᠡᠬᠦ ᠶᠢᠨ ᠨᠢᠭᠡᠨ ᠰᠢᠯᠲᠠᠭᠠᠨ ᠪᠣᠯᠣᠨ᠎ᠠ᠂ ᠪᠠᠰᠠ ᠪᠥᠭᠡᠷ᠎ᠡ ᠶᠢᠨ ᠴᠢᠯᠠᠭᠤᠵᠢᠮᠠᠯ ᠪᠤᠶᠤ ᠰᠢᠭᠡᠰᠦ ᠢᠯᠭᠠᠷᠠᠭᠤᠯᠬᠤ | ᠰᠢᠰᠲ᠋ᠧᠮ ᠤᠨ ᠡᠪᠡᠳᠴᠢᠨ ᠠᠴᠠ ᠪᠣᠯᠤᠭᠰᠠᠨ ᠪᠠᠶᠢᠵᠤ ᠮᠡᠳᠡᠨ᠎ᠡ᠃ | ᠴᠡᠭᠡᠵᠢᠯᠡᠬᠦ ᠴᠢᠳᠠᠪᠤᠷᠢ ᠮᠠᠭᠤᠳᠠᠬᠤ᠄ ᠵᠣᠪᠠᠵᠤ ᠪᠤᠬᠢᠨᠢᠳᠤᠬᠤ᠂ ᠨᠦᠢᠷ ᠬᠤᠯᠵᠢᠵᠤ ᠰᠥᠨᠢᠵᠢᠨ ᠰᠠᠭᠤᠬᠤ ᠪᠠ | ᠲᠠᠷᠢᠬᠢ ᠪᠠᠨ ᠬᠡᠲᠦᠷᠡᠲᠡᠯ᠎ᠡ ᠬᠡᠷᠡᠭᠯᠡᠬᠦ ᠵᠡᠷᠭᠡ ᠨᠢ ᠪᠦᠷ ᠴᠡᠭᠡᠵᠢᠯᠡᠬᠦ ᠴᠢᠳᠠᠪᠤᠷᠢ ᠶᠢ ᠳᠣᠷᠦ᠋ᠢᠲᠠᠭᠤᠯᠳᠠᠭ᠃ ᠡᠭᠦᠨ ᠠᠴᠠ | ᠭᠠᠳᠠᠨ᠎ᠠ᠂ ᠪᠡᠶ᠎ᠡ ᠶᠠᠳᠠᠷᠠᠬᠤ ᠶᠢ ᠳᠠᠭᠠᠯᠳᠤᠨ ᠭᠠᠳᠠᠭᠠᠳᠤ ᠶᠢᠷᠲᠢᠨᠴᠦ ᠶᠢᠨ ᠬᠡᠷᠡᠭ ᠪᠣᠳᠠᠰ ᠢ ᠰᠡᠷᠭᠡᠭ ᠢᠶᠠᠷ ᠲᠠᠨᠢᠬᠤ | ᠬᠡᠮᠵᠢᠶ᠎ᠡ ᠨᠢ ᠪᠠᠭᠤᠷᠠᠵᠤ᠂ ᠴᠡᠭᠡᠵᠢᠯᠡᠬᠦ ᠴᠢᠳᠠᠪᠤᠷᠢ ᠴᠤ ᠮᠠᠭᠤᠳᠠᠳᠠᠭ᠃ | ᠴᠡᠭᠡᠵᠢ ᠪᠠᠷ ᠪᠤᠲᠤᠬᠤ ᠴᠢᠳᠠᠪᠤᠷᠢ ᠳᠣᠷᠦ᠋ᠢᠲᠠᠬᠤ᠄ ᠴᠡᠭᠡᠵᠢᠯᠡᠬᠦ ᠴᠢᠳᠠᠪᠤᠷᠢ ᠪᠠᠭᠤᠷᠠᠬᠤ ᠲᠠᠢ ᠠᠳᠠᠯᠢ ᠪᠠᠷ᠂ | ᠴᠡᠭᠡᠵᠢ ᠪᠠᠷ ᠪᠤᠳᠤᠬᠤ ᠴᠢᠳᠠᠪᠤᠷᠢ ᠶᠢᠨ ᠮᠠᠭᠤᠳᠠᠬᠤ ᠨᠢ ᠴᠦ ᠰᠥᠨᠢᠵᠢᠨ ᠰᠠᠭᠤᠬᠤ᠂ ᠨᠦᠢᠷ ᠬᠤᠯᠵᠢᠬᠤ ᠵᠡᠷᠭᠡ ᠲᠠᠢ | ᠬᠤᠯᠪᠣᠭ᠎ᠠ ᠲᠠᠢ ᠪᠠᠶᠢᠳᠠᠭ᠃ | ᠠᠭᠤᠷᠯᠠᠵᠤ ᠳᠣᠭᠰᠢᠷᠠᠬᠤ᠄ ᠡᠨᠡ ᠨᠢ ᠠᠵᠢᠯ ᠤᠨ ᠳᠠᠷᠤᠭᠠᠰᠤ᠂ ᠠᠮᠢᠳᠤᠷᠠᠯ ᠤᠨ ᠨᠤᠬᠤᠴᠠᠭᠠᠨ ᠠᠴᠠ | ᠪᠣᠯᠤᠭᠰᠠᠨ ᠪᠠᠶᠢᠵᠤ ᠮᠡᠳᠡᠨ᠎ᠡ᠃ ᠡᠳᠡᠭᠡᠷ ᠢᠯᠡᠷᠡᠯ ᠭᠠᠷᠪᠠᠯ ᠴᠠᠭ ᠲᠤᠬᠠᠢ ᠳᠤᠨᠢ ᠥᠪᠡᠷ ᠤᠨ ᠰᠡᠳᠬᠢᠴᠡ ᠪᠠ | ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠤ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠲᠤᠭᠤᠰᠢᠲᠠᠢ | ᠠᠮᠠᠷᠠᠵᠤ ᠪᠣᠯᠣᠨ᠎ᠠ᠃ | ᠠᠩᠬᠠᠷᠤᠯ ᠲᠥᠪᠯᠡᠷᠡᠬᠦ ᠦᠭᠡᠢ᠄ ᠡᠨᠡ ᠨᠢ ᠨᠦᠢᠷ ᠮᠠᠭᠤ ᠠᠴᠠ ᠪᠣᠯᠤᠭᠰᠠᠨ ᠠᠴᠠ ᠭᠠᠳᠠᠨ᠎ᠠ ᠤᠶᠤᠨ | ᠰᠠᠨᠠᠭᠠᠨ ᠤ ᠭᠠᠩᠰᠠᠷᠠᠯ ᠲᠠᠢ ᠬᠠᠮᠢᠶ᠎ᠠ ᠲᠠᠢ ᠪᠠᠶᠢᠵᠤ ᠮᠡᠳᠡᠨ᠎ᠡ᠃ ᠰᠡᠳᠬᠢᠯ ᠤᠨ ᠳᠠᠷᠤᠯᠲᠠ ᠶᠡᠭᠡ ᠪᠣᠯ ᠪᠡᠶ᠎ᠡ | ᠴᠦ ᠲᠠᠭᠠᠨ ᠮᠠᠭᠤᠳᠠᠵᠤ᠂ ᠤᠷᠮ᠎ᠠ ᠰᠡᠳᠬᠢᠯᠭᠡ ᠶᠢ ᠨᠥᠯᠥᠭᠡᠯᠡᠬᠦ ᠪᠠᠷ ᠪᠠᠷᠠᠬᠤ ᠦᠭᠡᠢ ᠬᠥᠮᠥᠰ ᠤᠨ ᠲᠠᠨᠢᠨ | ᠮᠡᠳᠡᠬᠦᠢ ᠶᠢ ᠴᠦ ᠨᠥᠯᠥᠭᠡᠯᠡᠳᠡᠭ᠃ ᠡᠶᠢᠮᠦ ᠠᠴᠠ ᠡᠩ ᠤᠨ ᠠᠮᠢᠳᠤᠷᠠᠯ ᠳᠠᠭᠠᠨ ᠳᠠᠷᠤᠭᠠᠰᠤ ᠪᠠᠨ ᠬᠥᠩᠭᠡᠯᠡᠵᠦ | ᠰᠡᠳᠬᠢᠯ ᠢᠶᠠᠨ ᠠᠷᠭᠠᠳᠠᠵᠤ ᠰᠤᠷᠬᠤ ᠨᠢ ᠴᠢᠬᠤᠯᠠ᠃ | ᠨᠦᠢᠷ ᠮᠠᠭᠤᠳᠠᠬᠤ᠄ ᠤᠨᠲᠠᠬᠤ ᠴᠠᠭ ᠤᠯᠠᠮ ᠠᠴᠠ ᠤᠯᠠᠮ ᠣᠬᠤᠷ ᠪᠣᠯᠵᠤ᠂ ᠰᠥᠨᠢ ᠳᠡᠭᠡᠨ ᠤᠨᠲᠠᠬᠤ | ᠦᠭᠡᠢ᠂ ᠡᠳᠦᠷ ᠲᠡᠭᠡᠨ ᠴᠤᠭ ᠰᠦᠯᠳᠡ ᠦᠭᠡᠢ᠃ ᠡᠳᠡᠭᠡᠷ ᠨᠢ ᠪᠦᠷ ᠣᠶᠤᠨ ᠰᠠᠨᠠᠭᠠᠨ ᠤ ᠰᠠᠮᠠᠭᠤᠷᠠᠯ ᠠᠴᠠ | ᠪᠣᠯᠵᠠᠢ᠃ ᠣᠶᠤᠨ ᠰᠠᠨᠠᠭᠠᠨ ᠤ ᠳᠠᠷᠤᠯᠲᠠ ᠶᠡᠭᠡ᠂ ᠰᠠᠨᠳᠤᠷᠤᠯ ᠪᠠᠴᠢᠮᠳᠠᠯ ᠠᠴᠠ ᠪᠣᠯᠵᠤ ᠤᠨᠲᠠᠯᠭ᠎ᠠ ᠶᠢᠨ ᠶᠠᠰᠤ | ᠴᠢᠨᠠᠷ ᠳᠣᠷᠣᠭᠰᠢᠯᠠᠨ᠎ᠠ᠃ ᠤᠨᠲᠠᠬᠤ ᠠᠴᠠ ᠪᠠᠨ ᠡᠮᠦᠨ᠎ᠡ ᠬᠥᠭᠵᠢᠮ ᠰᠣᠨᠣᠰᠴᠤ᠂ ᠰᠡᠳᠬᠢᠯ ᠰᠠᠨᠠᠭ᠎ᠠ ᠪᠠᠨ | ᠲᠠᠶᠢᠪᠤᠰᠢᠷᠠᠭᠤᠯᠵᠤ᠂ ᠪᠠᠰᠠ ᠬᠠᠯᠠᠭᠤᠨ ᠤᠰᠤ ᠪᠠᠷ ᠬᠥᠯ ᠢᠶᠠᠨ ᠳᠡᠪᠲᠦᠭᠡᠬᠦ ᠪᠤᠶᠤ ᠨᠢᠭᠡ ᠴᠣᠮᠣ ᠬᠠᠯᠠᠭᠤᠨ ᠰᠦ | ᠤᠤᠭᠤᠵᠤ ᠪᠣᠯᠣᠨ᠎ᠠ᠂ ᠡᠨᠡ ᠨᠢ ᠪᠦᠷ ᠤᠨᠲᠠᠯᠭ᠎ᠠ ᠳᠤ ᠬᠠᠪᠰᠤᠷᠤᠮᠵᠢ ᠪᠣᠯᠳᠠᠭ᠃ | ᠲᠣᠯᠣᠭᠠᠢ ᠡᠪᠡᠳᠴᠦ ᠴᠢᠬᠢ ᠱᠤᠤᠭᠢᠬᠤ᠄ ᠦᠷᠭᠦᠯᠵᠢ ᠶᠢᠨ ᠴᠢᠨᠠᠷᠲᠠᠢ ᠲᠣᠯᠣᠭᠠᠢ ᠡᠪᠡᠳᠬᠦ᠂ ᠴᠢᠬᠢ | ᠱᠤᠤᠭᠢᠬᠤ ᠨᠢ ᠶᠡᠷᠦ ᠳᠡᠭᠡᠨ ᠪᠦᠷ ᠮᠡᠳᠡᠷᠡᠯ ᠤᠨ ᠴᠢᠨᠠᠷᠲᠠᠢ ᠪᠠᠶᠢᠳᠠᠭ᠃ ᠤᠷᠲᠤ ᠬᠤᠭᠤᠴᠠᠭᠠᠨ ᠤ ᠶᠠᠳᠠᠷᠠᠯ ᠵᠦᠳᠡᠷᠡᠯ᠂ | ᠣᠶᠤᠨ ᠰᠠᠨᠠᠭᠠᠨ ᠤ ᠳᠠᠷᠤᠯᠲᠠ ᠶᠡᠭᠡ᠂ ᠤᠨᠲᠠᠬᠤ ᠴᠠᠭ ᠬᠦᠷᠦᠯᠴᠡᠬᠦ ᠦᠭᠡᠢ᠂ ᠨᠦᠢᠷ ᠮᠠᠭᠤᠳᠠᠬᠤ ᠵᠡᠷᠭᠡ | ᠰᠢᠯᠲᠠᠭᠠᠨ ᠠᠴᠠ ᠪᠣᠯᠤᠭᠰᠠᠨ ᠪᠠᠶᠢᠳᠠᠭ ᠶᠤᠮ᠃ | ᠶᠡᠷᠦᠩᠬᠡᠢ ᠳᠤᠨᠢ ᠠᠪᠴᠤ ᠬᠡᠯᠡᠪᠡᠯ᠂ ᠬᠡᠪ ᠤᠨ ᠶᠣᠰᠣᠭᠠᠷ ᠠᠵᠢᠯᠯᠠᠵᠤ ᠠᠮᠠᠷᠠᠨ᠂ ᠢᠳᠡᠭᠡᠨ ᠤᠮᠳᠠᠭᠠᠨ ᠢᠶᠠᠨ | ᠰᠠᠶᠢᠲᠤᠷ ᠲᠣᠬᠢᠷᠠᠭᠤᠯᠵᠤ᠂ ᠰᠡᠳᠬᠢᠯ ᠰᠠᠨᠠᠭ᠎ᠠ ᠪᠠᠨ ᠪᠠᠶᠠᠰᠬᠠᠵᠤ᠂ ᠬᠠᠨᠲᠠᠯ᠎ᠠ ᠤᠨᠲᠠᠬᠤ ᠶᠢ ᠪᠠᠲᠤᠯᠠᠪᠠᠯ ᠳᠡᠭᠡᠷ᠎ᠡ | ᠶᠠᠷᠢᠭᠰᠠᠨ ᠡᠳᠡᠭᠡᠷ ᠢᠯᠡᠷᠡᠯ ᠠᠭᠠᠵᠢᠮ ᠳᠠᠭᠠᠨ ᠠᠷᠢᠯᠬᠤ ᠪᠣᠯᠣᠨ᠎ᠠ᠃ |