ᠮᠠᠨ ᠤ ᠬᠤᠰᠢᠭᠤ ᠭᠠᠯ ᠰᠡᠷᠭᠡᠶᠢᠯᠡᠬᠦ ᠠᠮᠢ ᠨᠠᠰᠤᠨ ᠤ ᠵᠠᠮ ᠢ ᠨᠡᠪᠲᠡᠷᠡᠭᠦᠯᠬᠦ ᠲᠤᠰᠬᠠᠶ ᠠᠵᠢᠯᠯᠠᠭ᠎ᠠ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
     5 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠬᠤᠰᠢᠭᠤ ᠭᠠᠯ ᠰᠡᠷᠭᠡᠶᠢᠯᠡᠬᠦ ᠠᠮᠢ ᠨᠠᠰᠤᠨ ᠤ ᠵᠠᠮ ᠢ ᠨᠡᠪᠲᠡᠷᠡᠭᠦᠯᠬᠦ ᠲᠤᠰᠬᠠᠶ ᠠᠵᠢᠯᠯᠠᠭ᠎ᠠ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ  ᠂ ᠬᠤᠰᠢᠭᠤ ᠭᠠᠯ ᠰᠡᠷᠭᠡᠶᠢᠯᠡᠬᠦ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ 6 ᠳ᠋ᠤᠭᠠᠷ ᠤᠳᠠᠭᠠᠨ ᠤ ᠠᠵᠢᠯ ᠤᠨ ᠵᠤᠷᠰᠢᠯᠲᠤ ᠬᠤᠷᠠᠯ ᠬᠤᠷᠠᠯᠳᠤᠭᠤᠯᠵᠤ᠂ ᠠᠶᠢᠮᠠᠭ ᠤᠨ ᠭᠠᠯ ᠰᠡᠷᠭᠡᠶᠢᠯᠡᠬᠦ ᠵᠥᠪᠯᠡᠯ ᠤᠨ ᠭᠤᠷᠪᠠᠳᠤᠭᠠᠷ ᠤᠳᠠᠭᠠᠨ ᠤ ᠵᠤᠷᠰᠢᠯᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ ᠦᠢᠯᠡᠳᠪᠦᠷᠢᠯᠡᠯ ᠤᠨ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠳ᠋ᠢ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠭᠠᠯ ᠰᠡᠷᠭᠡᠶᠢᠯᠡᠬᠦ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠭᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠪᠣᠯᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠦᠴᠦᠲᠡᠢ ᠠᠬᠢᠭᠤᠯᠵᠤ᠂ ᠵᠠᠮ ᠲᠡᠭᠡᠭᠡᠪᠦᠷᠢ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠢᠵᠠᠭᠠᠷ ᠲᠠᠢ ᠣᠷᠣᠨ ᠵᠠᠢ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠣᠳᠣᠬᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠠᠩᠬᠠᠷᠴᠤ᠂ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠨᠡᠶᠢᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠪᠣᠯᠤᠨ ᠨᠡᠶᠢᠭᠡᠮ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ  ᠬᠢᠷᠢ ᠬᠡᠮᠵᠢᠶ᠎ᠡ  ᠶᠢ ᠳᠡᠭᠡᠭᠰᠢᠯᠡᠭᠦᠯᠬᠦ ᠬᠡᠷᠡᠭᠲᠡᠢ ᠭᠡᠵᠠᠢ᠃      ᠬᠤᠰᠢᠭᠤ ᠠᠶᠣᠯᠭᠦᠢ ᠣᠶᠢᠯᠠᠳᠪᠦᠷᠢᠯᠠᠯ ᠤᠨ ᠵᠦᠪᠯᠡᠯ ᠤᠨ ᠪᠦᠷᠢᠯᠳᠦᠭᠦᠨ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号