ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠮᠧᠶ ᠶᠤᠸᠠᠨ ᠪᠦᠯᠬᠦᠮ ᠳᠠᠭᠠᠭᠤᠯᠤᠨ ᠪᠡᠭᠡᠵᠢᠩ᠂ ᠱᠠᠩᠬᠠᠶ ᠳᠤ ᠰᠢᠨᠵᠢᠯᠡᠨ ᠪᠠᠶᠢᠴᠠᠭᠠᠨ ᠰᠤᠷᠤᠯᠴᠠᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠨ ᠪᠣᠷᠣᠯᠠᠭᠤᠯᠬᠤ ᠬᠤᠯᠪᠣᠭᠳᠠᠯ ᠪᠥᠬᠦᠶ ᠶᠠᠪᠤᠳᠠᠯ ᠤᠨ | ᠲᠤᠬᠠᠶ ᠪᠡᠭᠡᠵᠢᠩ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠥᠬᠦᠶ | ᠠᠵᠤ ᠠᠬᠤᠶᠢᠯᠠᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠪᠡᠭᠡᠵᠢᠩ ᠬᠤᠲᠠ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠳᠤ᠂ ᠮᠠᠨ ᠤ ᠬᠤᠰᠢᠭᠤᠨ ᠤ ᠰᠢᠨᠵᠢᠯᠡᠨ | ᠪᠠᠶᠢᠴᠠᠭᠠᠬᠤ ᠳᠤᠭᠤᠶᠢᠯᠠᠩ ᠤᠨ ᠬᠢᠨ ᠪᠡᠭᠡᠵᠢᠩ ᠬᠤᠲᠠ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ᠂ ᠬᠠᠮᠢᠶ᠎ᠠ | ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠬᠤ᠂ ᠨᠡᠶᠢᠭᠡᠮ ᠠᠵᠤ ᠠᠬᠤᠶᠢᠯᠠᠯ ᠤᠨ ᠵᠣᠯᠭᠠᠯᠴᠠᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠪᠠ ᠭᠦᠢᠯᠭᠡᠭᠡᠨ ᠤ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠬᠤ ᠶᠢᠨ ᠬᠠᠮᠲᠤ᠂ | ᠬᠤᠶᠠᠷ ᠭᠠᠵᠠᠷ ᠤᠨ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠠᠩᠭᠠᠨ ᠪᠣᠷᠣᠯᠠᠭᠤᠯᠬᠤ ᠰᠦᠯᠵᠢᠶᠡᠨ ᠤ ᠲᠠᠪᠴᠠᠩ ᠤᠨ ᠴᠢᠳᠠᠮᠵᠢ ᠶᠢ ᠭᠦᠢᠴᠡᠳ ᠪᠠᠳᠠᠷᠭᠤᠯᠤᠨ᠂ ᠬᠤᠶᠠᠷ ᠭᠠᠵᠠᠷ ᠤᠨ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡ ᠪᠠ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ ᠭᠡᠵᠦ ᠢᠯᠡᠷᠬᠡᠶᠢᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ | ᠬᠡᠷᠡᠭ ᠡᠷᠬᠢᠯᠡᠬᠦ ᠭᠠᠵᠠᠷ ᠲᠤ᠂ ᠮᠠᠨ ᠤ ᠬᠤᠰᠢᠭᠤᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠪᠣᠯᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠭᠠᠵᠠᠷ ᠣᠷᠣᠨ ᠵᠢᠴᠢ ᠳᠡᠭᠡᠳᠦ ᠲᠠᠰ ᠤᠨ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠲᠠᠯ᠎ᠠ ᠶᠢᠨ ᠲᠣᠭᠤᠷᠢᠨ ᠳᠤ ᠭᠦᠨᠵᠡᠭᠡᠶ | ᠶᠠᠷᠢᠯᠴᠠᠨ ᠰᠣᠯᠢᠯᠴᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠠᠬᠤᠶᠢᠯᠠᠯ ᠤᠨ ᠱᠠᠩᠬᠠᠶ ᠳᠤ | ᠳᠡᠯᠭᠡᠨ ᠪᠣᠷᠣᠯᠠᠭᠤᠯᠵᠤ ᠲᠠᠨᠢᠯᠴᠠᠭᠤᠯᠬᠤ ᠠᠵᠢᠯᠯᠠᠭ᠎ᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠠᠩᠬ᠎ᠠ | ᠠᠯᠬᠤᠮ ᠤᠨ ᠰᠠᠨᠠᠯ ᠳᠤᠷᠠᠳᠪᠠ᠃ | ᠶᠠᠷᠢᠯᠴᠠᠬᠤ ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠰᠠ ᠤᠯᠤᠰ ᠤᠨ ᠴᠠᠬᠢᠯᠭᠠᠨ ᠬᠦᠴᠦᠨ ᠤ | ᠪᠡᠯᠡ ᠣᠷᠣᠭᠤᠯᠤᠯᠲᠠ ᠶᠢᠨ ᠱᠠᠩᠬᠠᠢ ᠶᠢᠨ ᠴᠠᠬᠢᠯᠭᠠᠨ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ | ᠱᠠᠩᠬᠠᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠱᠧᠨ ᠴᠢᠩ ᠮᠦ ᠭᠧ ︵申青牧歌︶ | ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠰᠤᠷᠤᠯᠴᠠᠪᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠷᠢᠶ᠎ᠠ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨᠵᠢᠯᠡᠨ | ᠪᠠᠶᠢᠴᠠᠭᠠᠬᠤ ᠳᠤ ᠣᠷᠣᠯᠴᠠᠪᠠ᠃ |