ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠭᠡᠷᠡᠯ ᠭᠡᠭᠡ ᠶᠢᠨ ᠠᠶᠠᠯᠠᠯ︾ ᠨᠡᠶᠢᠭᠡᠮ ᠨᠡᠶᠢᠲᠡ  ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
     ︽ᠬᠥᠮᠦᠨᠴᠢ ᠴᠢᠨᠠᠷ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨᠵᠠᠭᠠᠯᠮᠠᠢᠳᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠤᠨ᠂ ᠨᠢᠳᠦ ᠪᠠᠨ ᠬᠠᠶᠢᠷᠠᠯᠠᠬᠤ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠰᠢᠭᠤ ᠤᠯᠠᠭᠠᠨ ᠵᠠᠭᠠᠯᠮᠠᠢᠳᠠᠨ ᠤ ᠨᠡᠢᠭᠡᠮᠯᠢᠭ ᠪᠠ ᠰᠢᠯᠢ ᠶᠢᠨ ᠭᠤᠣᠯ ᠠᠶᠢᠮᠠᠭ ᠤᠨ ᠴᠤᠤ ᠵᠢᠦᠢ ᠨᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ ᠬᠠᠮᠲᠤᠷᠠᠨ 2024 ᠣᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠨᠡᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠪᠡ᠃      ᠰᠢᠯᠢ ᠶᠢᠨ ᠭᠤᠤᠯ ᠠᠶᠢᠮᠠᠭ ᠤᠨ ᠴᠤᠤ ᠵᠢᠤᠢ ᠨᠢᠳᠦᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ᠂ ᠲᠤᠰᠬᠠᠶ ᠮᠡᠷᠭᠡᠵᠢᠯ ᠤᠨ ᠪᠠᠭᠠᠵᠢ ᠬᠡᠷᠡᠭᠰᠡᠯ  ᠢᠶᠠᠨ ᠠᠪᠴᠤ ᠣᠯᠠᠨ ᠲᠦᠮᠡᠨ ᠳᠤ ᠴᠠᠭᠠᠨ ᠴᠡᠴᠡᠭᠡᠢ ᠵᠢᠴᠢ ᠨᠢᠳᠦᠨ ᠤ ᠡᠪᠡᠳᠴᠢᠨ ᠢ ᠦᠨ᠎ᠡ ᠲᠥᠯᠥᠪᠦᠷᠢ ᠥᠬᠡᠶ  ᠪᠠᠷ ᠰᠢᠭᠰᠢᠨ ᠪᠠᠶᠢᠴᠠᠭᠠᠵᠤ᠂ ᠠᠰᠠᠭᠤᠨ ᠡᠮᠨᠡᠭᠦᠯᠬᠦ ᠪᠠᠷ ᠢᠷᠡᠭᠰᠡᠨ ᠣᠯᠠᠨ ᠲᠦᠮᠡᠨ ᠳᠤ ᠬᠦᠯᠢᠴᠡᠩᠭᠦᠶ ᠨᠠᠷᠢᠨ ᠨᠢᠮᠪᠠᠶ ᠪᠠᠶᠢᠴᠠᠭᠠᠯᠲᠠ ᠬᠢᠵᠦ᠂ ᠳᠤᠷᠠᠳᠤᠭᠰᠠᠨ ᠡᠯ᠎ᠡ ᠲᠥᠷᠥᠯ ᠤᠨ ᠨᠢᠳᠦᠨ ᠤ ᠠᠰᠠᠭᠤᠯᠲᠠ ᠶᠢ ᠬᠠᠷᠢᠭᠤᠯᠬᠤ ᠶᠢᠨ ᠬᠠᠮᠲᠦ᠂ ᠡᠪᠡᠳᠴᠢᠨ ᠤ ᠪᠠᠶᠢᠳᠠᠯ ᠳᠤᠨᠢ ᠵᠣᠬᠢᠴᠠᠭᠤᠯᠤᠨ ᠡᠮᠨᠡᠨ ᠵᠠᠰᠠᠭᠰᠠᠨ ᠪᠠᠶᠢᠨ᠎ᠠ᠃ ᠡᠨᠡᠬᠦ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠠᠷᠠᠭᠠᠨ ᠤ ᠡᠷᠡᠭᠦᠯ ᠮᠡᠨᠳᠦ ᠶᠢ ᠤᠮᠳᠤᠭᠠᠶᠢᠯᠠᠬᠤ ᠥᠬᠡᠶ᠂ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠨᠢᠳᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠤᠯᠭᠠᠬᠤ ᠶᠢ ᠵᠤᠷᠢᠭᠰᠠᠨ ᠪᠠᠶᠢᠨ᠎ᠠ᠃ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠰᠠᠳ ᠥᠷᠭᠡᠨ ᠣᠯᠠᠨ ᠲᠦᠮᠡᠨ ᠳᠤ ︽ᠭᠡᠷᠡᠯ ᠭᠡᠭᠡ ᠶᠢᠨ ᠠᠶᠠᠯᠠᠯ︾ ᠤᠨ ᠲᠥᠷᠥᠯ ᠵᠦᠢᠯ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ᠂ ᠲᠥᠷᠥᠯ ᠵᠦᠢᠯ ᠢ ᠥᠷᠭᠡᠳᠬᠡᠨ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠪᠡᠳᠴᠢᠲᠡᠨ ᠳᠤ ᠬᠠᠮᠢᠶ᠎ᠠ ᠪᠦᠬᠦᠢ ᠮᠡᠳᠡᠯᠭᠡ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠡᠨᠡ ᠤᠳᠠᠭ᠎ᠠ 380 ᠭᠠᠷᠤᠢ ᠬᠦᠮᠦᠨ ᠢ ᠰᠢᠭᠰᠢᠨ ᠪᠠᠶᠢᠴᠠᠭᠠᠵᠤ᠂ ᠣᠯᠠᠨ ᠢᠶᠠᠷ ᠢᠶᠠᠨ ︽ᠬᠡᠷᠡᠯ ᠭᠡᠭᠡ ᠶᠢᠨ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠳᠠᠮᠵᠢᠨ᠂ ᠲᠠᠳᠠᠨ ᠤ ᠨᠢᠳᠦᠨ ᠤ ᠡᠪᠡᠳᠴᠢᠨ ᠡᠮᠭᠡᠭ ᠢ ᠰᠡᠷᠭᠡᠶᠢᠯᠡᠬᠦ ᠡᠷᠡᠭᠦᠯ ᠮᠡᠨᠳᠦ ᠶᠢᠨ ᠤᠬᠠᠮᠰᠠᠷ ᠢ ᠨᠢ ᠳᠡᠭᠡᠭᠰᠢᠯᠡᠭᠦᠯᠤᠨ᠂ ᠨᠢᠳᠦᠨ ᠤ ᠰᠠᠯᠠᠭᠠᠨ ᠤ ᠡᠷᠡᠭᠦᠯᠵᠢᠯ ᠤᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠬᠤ᠂ ᠨᠢᠳᠦ ᠪᠠᠨ ᠬᠠᠶᠢᠷᠠᠯᠠᠬᠤ᠂ ᠨᠢᠳᠦ ᠪᠠᠨ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠳᠤ ᠠᠰᠢᠭᠲᠠᠶ ᠭᠡᠵᠦ ᠪᠠᠶᠢᠯ᠎ᠠ᠃ ︽ᠭᠡᠷᠡᠯ ᠭᠡᠭᠡ ᠶᠢᠨ ᠠᠶᠠᠯᠠᠯ︾ ᠲᠥᠷᠥᠯ ᠵᠦᠢᠯ ᠢ ᠡᠬᠢᠯᠡᠭᠦᠯᠦᠭᠰᠡᠨ ᠤ ᠳᠠᠷᠠᠭ᠎ᠠ᠂ ᠮᠠᠨ ᠤ ᠬᠤᠰᠢᠭᠤᠨ ᠤ ᠴᠠᠭᠠᠨ ᠴᠡᠴᠡᠭᠡᠢ ᠶᠢᠨ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠬᠤ ᠲᠣᠬᠢᠶᠠᠯ ᠬᠠᠩᠭᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠡᠪᠡᠳᠴᠢᠲᠡᠨ  ᠳᠤ ᠴᠠᠭ ᠲᠤᠬᠠᠶ ᠳᠤᠨᠢ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠡᠵᠦ᠂ ︽ᠨᠢᠭᠡ ᠬᠥᠮᠦᠨ ᠤ ᠬᠠᠷᠠᠭ᠎ᠠ ᠶᠢ ᠰᠡᠷᠭᠦᠭᠡᠪᠡᠯ᠂ ᠨᠢᠭᠡ ᠭᠡᠷ ᠢ ᠪᠣᠰᠬᠠᠵᠤ᠂ ᠨᠢᠭᠡ ᠲᠠᠯ᠎ᠠ ᠶᠢ ᠳᠣᠭᠳᠣᠯᠤᠭᠤᠯᠬᠤ︾ ᠨᠡᠶᠢᠭᠡᠮ ᠤᠨ ᠤᠶᠢᠯᠡᠳᠤᠯ ᠢ ᠪᠡᠶᠡᠯᠡᠭᠦᠯᠤᠭ᠍ᠰᠡᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号